ᠪᠦᠬᠦ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠬᠤᠷᠠᠯᠳᠤᠭᠤᠯᠪᠠ  ᠬᠤᠸᠠᠩ ᡁᠢ ᠴᠢᠶᠠᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/6/1

      5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠬᠢᠪᠡ᠃ ᠬᠤᠷᠠᠯ ᠳᠡᠭᠡᠷ᠎ᠡ᠂ ᠣᠶᠢᠷ᠎ᠠ ᠶᠢᠨ ᠵᠢᠯ ᠤᠨ ᠲᠤᠷᠰᠢᠬᠢ ᠣᠷᠣᠨ ᠤ ᠳᠣᠲᠣᠷ᠎ᠠ ᠭᠠᠳᠠᠨᠠᠬᠢ ᠠᠶᠤᠯᠲᠠᠢ ᠬᠢᠮᠢ ᠶᠢᠨ ᠪᠣᠳᠠᠰ ᠤᠨ ᠨᠡᠶᠢᠲᠡᠯᠢᠭ ᠠᠮᠤᠷ ᠲᠦᠪᠰᠢᠨ ᠤ ᠠᠳᠡᠯ ᠳᠤ ᠭᠦᠨᠵᠡᠭᠡᠢ ᠵᠠᠳᠠᠯᠤᠯᠲᠠ ᠬᠢᠵᠡᠢ᠃

      ᠬᠤᠸᠠᠩ ᡁᠢ ᠴᠢᠶᠠᠩ᠂ ᠮᠠᠨ ᠤ ᠣᠷᠣᠨ ᠪᠣᠯ ᠪᠥᠬᠦ ᠤᠯᠤᠰ ᠤᠨ ᠠᠶᠤᠯᠲᠠᠢ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠭᠠᠵᠠᠷ ᠣᠷᠣᠨ ᠪᠠ ᠴᠢᠬᠤᠯᠠ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠭᠠᠵᠠᠷ ᠣᠷᠣᠨ ᠪᠠᠶᠢᠵᠤ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠥᠴᠥᠬᠡᠨ ᠴᠦ ᠴᠠᠯᠠᠭᠠᠶᠢᠷᠠᠵᠤ ᠪᠣᠯᠬᠤ ᠦᠭᠡᠢ᠂ ᠥᠴᠥᠬᠡᠨ ᠴᠦ ᠣᠮᠲᠣᠭᠠᠶᠢᠯᠠᠵᠤ ᠪᠣᠯᠬᠤ ᠦᠭᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠨ ᠬᠢᠨ ᠬᠢᠨᠠᠮᠠᠭᠠᠢ ᠬᠠᠨᠳᠤᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠪᠣᠳᠣᠯ ᠪᠣᠯᠣᠨ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠠᠶᠤᠯᠲᠠᠢ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠭᠤᠮᠲᠠ᠂ ᠬᠤᠯᠪᠣᠭᠠᠯᠠᠨ ᠬᠢᠨᠠᠵᠤ ᠬᠤᠯᠪᠣᠭᠠᠯᠠᠨ ᠵᠥᠪᠰᠢᠶᠡᠷᠡᠬᠦ ᠪᠣᠭᠤᠮᠲᠠ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠣᠭᠤᠮᠲᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠭᠤᠮᠲᠠ᠂ ᠡᠬᠢ ᠪᠠᠶᠠᠯᠢᠭ ᠤᠨ ᠣᠷᠣᠭᠤᠯᠤᠯᠲᠠ ᠶᠢᠨ ᠪᠣᠭᠤᠮᠲᠠ ᠵᠡᠷᠭᠡ ᠣᠯᠠᠨ ᠲᠠᠯ᠎ᠠ ᠠᠴᠠ ᠭᠠᠷᠳᠠᠵᠤ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠢᠰᠲ᠋ᠧᠮ ᠲᠠᠢ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ