ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠵᠤ ᠲᠥᠷᠥ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠦᠨ ᠠᠷᠠᠳ ᠤᠨ ᠬᠦᠴᠢᠷᠳᠡᠯ  ᠢ ᠰᠢᠢᠳᠪᠦᠷᠢᠯᠡᠨ᠎ᠡ — ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ︽ᠮᠢᠩᠭ᠎ᠠ ᠲᠦᠮᠡ ᠶᠢᠨ ᠢᠨᠵᠧᠨᠧᠷᠢᠩ︾ ︽ᠫᠦᠵᠢᠶᠠᠩ  ᠤᠨ ᠲᠤᠷᠰᠢᠯᠭ᠎ᠠ︾ ᠶᠢ ᠬᠢᠨᠠᠮᠠᠭᠠᠢ ᠰᠤᠷᠤᠯᠴᠠᠨ ᠦᠢᠯᠡᠳᠦᠯᠭᠡᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/6/21

      ᠣᠶᠢᠷ᠎ᠠ ᠶᠢᠨ ᠡᠳᠦᠷ ᠤᠳ ᠲᠤ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠳᠤᠮᠳᠠ ᠂ ᠲᠤᠰᠬᠠᠢ ᠰᠡᠳᠦᠪᠲᠦ ᠰᠤᠷᠤᠯᠴᠠᠯᠭ᠎ᠠ ᠬᠢᠭᠰᠡᠨ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠵᠡᠷᠭᠡ ᠣᠯᠠᠨ ᠭᠡᠯᠪᠡᠷᠢ ᠪᠠᠷ ︽ᠮᠢᠩᠭ᠎ᠠ ᠲᠦᠮᠡ ᠶᠢᠨ ᠢᠨᠵᠧᠨᠧᠷᠢᠩ ︾ ᠪᠣᠯᠣᠨ ︽ᠫᠦᠵᠢᠶᠠᠩ ᠤᠨ ᠲᠤᠷᠰᠢᠯᠭ᠎ᠠ ︾  ᠶᠢ ᠬᠢᠨᠠᠮᠠᠭᠠᠢ ᠰᠤᠷᠤᠯᠴᠠᠨ ᠦᠢᠯᠡᠳᠦᠯᠭᠡᠵᠢᠭᠦᠯᠵᠡᠢ ᠃ ᠣᠯᠠᠨ ᠢᠶᠠᠷ ᠢᠶᠠᠨ ᠡᠭᠦᠨ ᠳᠤ ᠠᠭᠤᠯᠤᠭᠳᠠᠵᠤ ᠪᠠᠶᠢᠭ᠎ᠠ ᠤᠯᠤᠰ ᠲᠥᠷᠥ ᠶᠢᠨ ᠠᠴᠢ ᠬᠤᠯᠪᠣᠭᠳᠠᠯ ᠂ ᠣᠨᠣᠯ ᠤᠨ ᠠᠴᠢ ᠬᠤᠯᠪᠣᠭᠳᠠᠯ ᠂ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠬᠠᠷᠢᠭᠤᠴᠠᠯᠭ᠎ᠠ ᠡᠭᠦᠷᠭᠡᠯᠡᠨ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠵᠤ ᠂ ᠲᠥᠷᠥ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠦᠨ ᠠᠷᠠᠳ ᠤᠨ ᠬᠦᠴᠢᠷᠳᠡᠯ ᠢ ᠰᠢᠢᠳᠪᠦᠷᠢᠯᠡᠵᠦ ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ ᠭᠡᠵᠦ ᠢᠯᠡᠳᠬᠡᠪᠡ ᠃

      6 ᠰᠠᠷ᠎ᠠ ᠶᠢᠨ 7 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠂ ︽ᠮᠢᠩᠭ᠎ᠠ ᠲᠦᠮᠡ ᠶᠢᠨ ᠢᠨᠵᠧᠨᠧᠷᠢᠩ ︾ ᠪᠣᠯᠣᠨ

︽ᠫᠦᠵᠢᠶᠠᠩ ᠤᠨ ᠲᠤᠷᠰᠢᠯᠭ᠎ᠠ ︾  ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠨᠨ ᠡᠵᠡᠮᠰᠢᠪᠡ ᠃ ᠨᠠᠮ ᠤᠨ ᠭᠡᠰᠢᠭᠦᠨ ᠺᠠᠳ᠋ᠷᠴᠤᠳ ᠂ ︽ᠮᠢᠩᠭ᠎ᠠ ᠲᠦᠮᠡ ᠶᠢᠨ ᠢᠨᠵᠧᠨᠧᠷᠢᠩ ︾ ᠪᠣᠯᠣᠨ ︽ᠫᠦᠵᠢᠶᠠᠩ ᠤᠨ ᠲᠤᠷᠰᠢᠯᠭ᠎ᠠ ︾  ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠤᠭᠤᠰᠢᠯᠠᠭᠤᠯᠵᠤ ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠂ ᠦᠢᠯᠡ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ  ᠃

      ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠠᠴᠠ ᠨᠠᠮ ᠤᠨ ᠭᠡᠰᠢᠭᠦᠨ ᠺᠠᠳ᠋ᠷᠴᠤᠳ ᠤᠨ ᠨᠡᠶᠢᠲᠡ ᠶᠢᠨ ᠲᠥᠯᠥᠭᠡ ᠨᠠᠮ ᠪᠠᠶᠢᠭᠤᠯᠬᠤ ᠂ ᠠᠷᠠᠳ ᠤᠨ ᠲᠥᠯᠥᠭᠡ ᠲᠥᠷᠥ ᠪᠠᠷᠢᠬᠤ ᠣᠶᠢᠯᠠᠭᠠᠭᠳᠠᠬᠤᠨ ᠢ ᠪᠠᠲᠤ ᠱᠤᠭᠤᠵᠤ ᠂ ᠨᠠᠮ ᠤᠨ ᠲᠥᠯᠥᠭᠡ ᠰᠠᠨᠠᠭᠠᠰᠢᠷᠠᠬᠤ ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠨ ᠂ ᠪᠠᠶᠢᠴᠠᠭᠠᠨ ᠰᠤᠳᠤᠯᠤᠯᠲᠠ ᠬᠢᠬᠦ ᠪᠠ ᠦᠨᠳᠦᠰᠦᠨ ᠱᠠᠲᠤᠨ ᠳᠤ ᠪᠠᠭᠤᠵᠤ ᠰᠤᠷᠪᠤᠯᠵᠢᠯᠠᠯ ᠬᠦᠯᠢᠶᠡᠬᠦ ᠶᠢ ᠨᠢᠭᠡᠳᠦᠯᠲᠡᠢ ᠲᠥᠯᠥᠪᠵᠢᠭᠦᠯᠵᠦ ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠬᠢᠵᠦ ᠂ ᠠᠷᠠᠳ ᠲᠤ ᠦᠢᠯᠡᠴᠢᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠤᠨ᠎ᠡ ︔ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ ᠂ ᠦᠨᠳᠦᠰᠦᠨ ᠱᠠᠲᠤᠨ ᠳᠤ ᠰᠢᠭᠤᠳ ᠬᠦᠷᠴᠦ ᠂ ᠣᠯᠠᠨ ᠲᠦᠮᠡᠨ ᠲᠠᠢ ᠨᠢᠭᠤᠷᠳᠠᠨ ᠵᠥᠷᠢᠴᠡᠯ ᠳᠤ ᠰᠢᠭᠤᠳ ᠬᠠᠨᠳᠤᠵᠤ ᠂ ︽ᠶᠡᠭᠡ ᠪᠠᠷ ᠰᠤᠷᠪᠤᠯᠵᠢᠯᠠᠬᠤ ᠂ ᠶᠡᠭᠡ ᠪᠠᠷ ᠪᠠᠶᠢᠴᠠᠭᠠᠬᠤ ᠂ ᠶᠡᠭᠡ ᠪᠠᠷ ᠡᠶᠡᠳᠡᠭᠦᠯᠬᠦ ︾ ᠲᠤᠰᠬᠠᠢ ᠠᠵᠢᠯᠯᠠᠭ᠎ᠠ ᠶᠢᠨ ᠲᠣᠭᠤᠷᠢᠨ ᠳᠤ ᠠᠷᠭ᠎ᠠ ᠪᠦᠭᠦᠨ ᠢ ᠰᠦᠪᠡᠭᠴᠢᠯᠡᠨ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠂ ᠲᠦᠪᠡᠭᠳᠡᠵᠦ ᠪᠠᠶᠢᠭ᠎ᠠ ᠶᠠᠪᠤᠳᠠᠯ ᠂ ᠵᠣᠪᠠᠨᠢᠵᠤ ᠪᠠᠶᠢᠭ᠎ᠠ ᠶᠠᠪᠤᠳᠠᠯ ᠢ ᠨᠢ ᠰᠢᠢᠳᠪᠦᠷᠢᠯᠡᠵᠦ ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠬᠤᠭᠤᠴᠠᠭᠠᠨ ᠳᠤᠨᠢ ᠠᠷᠢᠯᠭᠠᠨ᠎ᠠ ︔ ᠡᠬᠢ ᠡᠭᠦᠰᠦᠯ ᠠᠴᠠ ᠨᠢ ᠵᠠᠰᠠᠬᠤ ᠂ ᠬᠦᠨᠳᠦ ᠠᠰᠠᠭᠤᠳᠠᠯ ᠢ ᠴᠡᠭᠴᠡᠯᠡᠨ ᠵᠠᠰᠠᠵᠤ ᠬᠤᠷᠠᠮᠳᠤᠭᠰᠠᠨ ᠠᠰᠠᠭᠤᠳᠠᠯ ᠢ ᠪᠠᠭᠠᠰᠬᠠᠬᠤ ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠷᠮᠠᠶᠢᠨ ᠰᠠᠶᠢᠲᠤᠷ ᠬᠢᠵᠦ ᠂ ︽ᠰᠤᠷᠪᠤᠯᠵᠢᠯᠠᠯ ᠢ ᠦᠨᠳᠦᠰᠦᠨ ᠱᠠᠲᠤᠨ ᠳᠤ ᠭᠥᠯᠢᠶᠡᠨ ᠠᠪᠬᠤ ᠂ ᠨᠢᠭᠡᠳᠦᠭᠡᠷ ᠹᠷᠣᠨᠲ ᠲᠤ ᠠᠷᠠᠳ ᠤᠨ ᠰᠠᠨᠠᠭᠠᠰᠢᠷᠠᠯ ᠢ ᠰᠢᠢᠳᠪᠦᠷᠢᠯᠡᠬᠦ ︾ ᠪᠠᠶᠢᠴᠠᠭᠠᠨ ᠰᠤᠳᠤᠯᠵᠤ ᠦᠢᠯᠡᠳᠦᠯᠭᠡᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠪᠦᠭᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠳᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠣᠨ᠎ᠠ ᠃

      6 ᠰᠠᠷ᠎ᠠ ᠶᠢᠨ 9 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︽ᠮᠢᠩᠭ᠎ᠠ ᠲᠦᠮᠡ ᠶᠢᠨ ᠢᠨᠵᠧᠨᠧᠷᠢᠩ ︾ ᠪᠣᠯᠣᠨ ︽ᠫᠦᠵᠢᠶᠠᠩ ᠤᠨ ᠲᠤᠷᠰᠢᠯᠭ᠎ᠠ ︾  ᠶᠢ ᠲᠤᠰᠬᠠᠢ ᠰᠡᠳᠦᠪ ᠢᠶᠠᠷ ᠰᠤᠷᠤᠯᠴᠠᠨ ᠂ ᠪᠦᠭᠦ ᠣᠷᠣᠨ ᠤ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ︽ᠮᠢᠩᠭ᠎ᠠ ᠲᠦᠮᠡ ᠶᠢᠨ ᠢᠨᠵᠧᠨᠧᠷᠢᠩ ︾ ᠪᠣᠯᠣᠨ ︽ᠫᠦᠵᠢᠶᠠᠩ ᠤᠨ ᠲᠤᠷᠰᠢᠯᠭ᠎ᠠ ︾  ᠶᠢ ᠭᠦᠨᠵᠡᠭᠡᠢ ᠦᠢᠯᠡᠳᠦᠯᠭᠡᠵᠢᠭᠦᠯᠦᠨ ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠴᠠᠭ ᠢᠮᠠᠭᠲᠠ ᠪᠠᠷᠢᠮᠲᠠᠯᠠᠵᠤ ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠂ ᠠᠷᠠᠳ ᠲᠤ ᠪᠤᠶᠠᠨ ᠦᠢᠯᠡᠳᠬᠦ ᠶᠢ ᠢᠮᠠᠭᠲᠠ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠠᠨ ᠪᠣᠯᠭᠠᠨ ᠂ ᠮᠧᠬᠠᠨᠢᠭ ᠢᠶᠠᠷ ᠬᠡᠷᠡᠭ ᠰᠢᠢᠳᠪᠦᠷᠢᠯᠡᠬᠦ ᠬᠡᠯᠪᠡᠷᠢᠴᠢ ᠦᠵᠡᠯ ᠤᠨ ᠠᠷᠭ᠎ᠠ ᠬᠢᠳᠡᠯ ᠢ ᠡᠷᠡᠰ ᠡᠰᠡᠷᠭᠦᠴᠡᠵᠦ ᠂ ᠬᠠᠤᠯᠢ ᠴᠠᠭᠠᠵᠠ ᠶᠢᠨ ᠬᠡᠷᠡᠭ ᠨᠢᠭᠡ ᠪᠦᠷᠢ ᠠᠴᠠ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠬᠦᠷᠲᠡᠭᠡᠬᠦ ᠪᠠᠷ ᠴᠢᠷᠮᠠᠶᠢᠵᠤ ᠂ ᠠᠷᠠᠳ ᠣᠯᠠᠨ ᠳᠤ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ ᠦᠨᠡᠨ ᠬᠦ ᠣᠶᠢᠯᠠᠭᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ ᠃

      ᠣᠶᠢᠷ᠎ᠠ ᠶᠢᠨ ᠡᠳᠦᠷ ᠤᠳ ᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ︽ᠮᠢᠩᠭ᠎ᠠ ᠲᠦᠮᠡ ᠶᠢᠨ ᠢᠨᠵᠧᠨᠧᠷᠢᠩ ︾ ᠪᠣᠯᠣᠨ

︽ᠫᠦᠵᠢᠶᠠᠩ ᠤᠨ ᠲᠤᠷᠰᠢᠯᠭ᠎ᠠ ︾  ᠶᠢ ᠨᠡᠶᠢᠲᠡᠯᠢᠭ ᠬᠡᠷᠡᠭ ᠤᠨ ᠵᠢᠱᠢᠶ᠎ᠡ ᠪᠤᠯᠭᠠᠬᠤ ᠶᠢ ᠪᠠᠷᠢᠮᠲᠠᠯᠠᠵᠤ ᠂ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠂ 16 ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠢ ᠬᠢᠨᠠᠮᠠᠭᠠᠢ ᠰᠤᠳᠤᠯᠤᠨ ᠪᠦᠷᠢᠯᠳᠦᠭᠦᠯᠵᠦ ᠂ ᠤᠳᠤᠷᠢᠳᠬᠤ ᠪᠠᠭ ᠤᠨ ᠪᠦᠷᠢᠯᠳᠦᠭᠦᠨ ᠂ ᠪᠠᠶᠢᠴᠠᠭᠠᠬᠤ ᠺᠣᠮᠢᠰ ᠤᠨ ᠲᠤᠰᠬᠠᠢ ᠲᠤᠰᠢᠶᠠᠯᠲᠤ ᠭᠡᠰᠢᠭᠦᠨ ᠲᠦᠷᠦᠭᠦᠯᠡᠨ ᠲᠤᠰᠪᠤᠷᠢ ᠰᠡᠳᠦᠪ ᠠᠪᠴᠤ ᠂ ᠪᠠᠶᠢᠴᠠᠭᠠᠬᠤ ᠦᠢᠯᠡᠳᠦᠯᠭᠡ ᠶᠢᠨ ᠳᠤᠮᠳᠠᠬᠢ ᠪᠣᠭᠤᠮᠢ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ ᠂ ᠦᠨᠳᠦᠰᠦᠨ ᠱᠠᠲᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠂ ᠪᠣᠳᠠᠲᠤ ᠪᠠᠶᠢᠳᠠᠯ ᠢ ᠪᠠᠶᠢᠴᠠᠭᠠᠨ ᠂ ᠠᠰᠠᠭᠤᠳᠠᠯ ᠢ ᠡᠷᠢᠵᠦ ᠂ ᠠᠷᠭᠠᠴᠠᠭᠠᠬᠤ ᠠᠷᠭ᠎ᠠ ᠪᠣᠳᠣᠯᠭ᠎ᠠ ᠳᠤᠷᠠᠳᠴᠤ ᠂ ᠬᠡᠰᠡᠭ ᠪᠠᠶᠢᠴᠠᠭᠠᠨ ᠰᠤᠳᠤᠯᠬᠤ ᠠᠵᠢᠯ ᠨᠢᠭᠡᠨᠲᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ ᠃ ᠵᠠᠯᠭᠠᠭᠠᠳ ᠲᠤᠰ ᠬᠤᠷᠢᠶ᠎ᠠ ᠪᠠᠶᠢᠴᠠᠭᠠᠨ ᠰᠤᠳᠤᠯᠤᠯᠲᠠ ᠬᠢᠬᠦ ᠶᠢᠨ ᠳᠠᠭᠠᠤ ᠲᠣᠬᠢᠷᠠᠭᠤᠯᠤᠯᠲᠠ ᠬᠢᠵᠦ ᠰᠢᠯᠢᠳᠡᠭᠵᠢᠭᠦᠯᠦᠨ ᠂ ᠠᠰᠠᠭᠤᠳᠠᠯ ᠠᠪᠴᠤ ᠦᠨᠳᠦᠰᠦᠨ ᠱᠠᠲᠤᠨ ᠳᠤ ᠭᠦᠨᠵᠡᠭᠡᠶᠢᠷᠡᠨ ᠂ ᠠᠷᠭ᠎ᠠ ᠬᠡᠮᠵᠢᠶ᠎ᠡ ᠣᠯᠵᠤ ᠢᠷᠡᠬᠦ ᠶᠢ ᠪᠠᠷᠢᠮᠲᠠᠯᠠᠵᠤ ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ ᠨᠡᠩ ᠢᠯᠡᠭᠦᠦ ᠲᠥᠪᠯᠡᠷᠡᠭᠦᠯᠦᠨ ᠂ ᠨᠡᠩ ᠪᠣᠳᠠᠲᠠᠶᠢᠵᠢᠭᠤᠯᠵᠤ ᠂ ᠨᠡᠩ ᠬᠠᠨᠳᠤᠯᠭᠠᠲᠤ ᠴᠢᠨᠠᠷ ᠲᠠᠢ ᠪᠤᠯᠭᠠᠵᠤ ᠂ ᠪᠠᠶᠢᠳᠠᠯ ᠢ ᠲᠣᠳᠣᠷᠬᠠᠢ ᠣᠶᠢᠯᠠᠭᠠᠨ ᠂ ᠠᠰᠠᠭᠤᠳᠠᠯ ᠢ ᠣᠨᠣᠴᠠᠲᠠᠢ ᠡᠷᠢᠵᠦ ᠂ ᠠᠷᠭᠠᠴᠠᠭᠠᠬᠤ ᠪᠣᠳᠣᠯᠭ᠎ᠠ ᠶᠢ ᠪᠣᠳᠠᠲᠠᠢ ᠪᠠᠷ ᠳᠤᠷᠠᠳᠤᠨ ᠭᠠᠷᠭᠠᠬᠤ ᠶᠢ ᠦᠨᠡᠨ ᠬᠦ ᠪᠠᠲᠤᠯᠠᠵᠤ ᠂ ᠪᠠᠶᠢᠴᠠᠭᠠᠬᠤ ᠠᠵᠢᠯ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠨᠢᠭᠡ ᠪᠦᠯᠦᠭ ᠬᠦᠴᠢᠷ ᠲᠦᠪᠡᠭ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠪᠣᠯᠣᠨ᠎ᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ