ᠰᠢᠨ᠎ᠡ ᠦᠵᠡᠯ ᠰᠠᠨᠠᠭ᠎ᠠ ᠶᠢ ᠰᠤᠷᠤᠯᠴᠠᠵᠤ ᠂ ᠰᠢᠨ᠎ᠡ ᠠᠶᠠᠨ ᠳᠤ ᠮᠣᠷᠳᠠᠨ᠎ᠠ ᠃ ᠣᠶᠢᠷ᠎ᠠ ᠶᠢᠨ ᠡᠳᠦᠷ ᠤᠳ ᠲᠤ ᠂ ᠥᠪᠥᠷ ᠮᠣᠩᠭᠤᠯ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠵᠤ ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠵᠦ ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠤᠯᠭᠠᠵᠤ ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠪᠠ ᠃ ᠤᠯᠠᠨ ᠢᠶᠠᠷ ᠢᠶᠠᠨ ᠂ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ ᠳᠤᠮᠳᠠ ᠰᠦᠭ ᠰᠦᠨᠡᠰᠦ ᠶᠢ ᠱᠤᠭᠤᠵᠤ ᠂ ᠠᠵᠢᠯ ᠤᠨ ᠪᠠᠶᠢᠷᠢ ᠶᠢᠨ ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ ᠃
5 ᠰᠠᠷ᠎ᠠ ᠶᠢᠨ 10 ᠤ ᠡᠳᠦᠷ ᠠᠴᠠ 16 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠭᠡᠯᠵᠢᠯᠡᠨ ᠪᠣᠯᠪᠠᠰᠤᠷᠠᠯ ᠬᠦᠷᠲᠡᠭᠡᠬᠦ ᠠᠩᠭᠢ ᠵᠢᠴᠢ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ ᠃ ᠨᠣᠮ ᠤᠩᠰᠢᠬᠤ ᠠᠩᠭᠢ ᠶᠢ ᠲᠥᠪᠯᠡᠷᠡᠭᠦᠯᠦᠨ ᠰᠤᠷᠤᠯᠴᠠᠬᠤ ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ ᠃ ᠰᠤᠷᠤᠯᠭᠠᠲᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠣᠨ ᠨᠠᠮ ᠤᠨ ᠳᠦᠷᠢᠮ ᠢ ᠳᠠᠭᠢᠨ ᠡᠷᠭᠢᠴᠡᠭᠦᠯᠵᠦ ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ ︾᠂
︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ ︾ ᠵᠡᠷᠭᠡ ᠲᠣᠭᠲᠠᠭᠰᠠᠨ ᠰᠤᠷᠤᠯᠴᠠᠬᠤ ᠨᠣᠮ ᠢ ᠲᠡᠷᠡ ᠬᠡᠪ ᠢᠶᠠᠷ ᠨᠢ ᠨᠠᠷᠢᠨ ᠬᠢᠨᠠᠮᠠᠭᠠᠢ ᠰᠤᠳᠤᠯᠤᠨ ᠤᠩᠰᠢᠵᠤ ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠶ᠎ᠠ ︾᠂ ︽ᠨᠠᠮ ᠠᠴᠠ ᠨᠠᠮ ᠢ ᠬᠠᠮᠢᠶᠠᠷᠴᠤ ᠨᠠᠮ ᠢ ᠴᠢᠩᠭ᠎ᠠ ᠵᠠᠰᠠᠬᠤ ︾ ᠵᠡᠷᠭᠡ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠳᠤ ᠣᠷᠣᠯᠴᠠᠪᠠ ᠃ ᠰᠤᠷᠤᠯᠭᠠᠲᠠᠳ ᠬᠤᠪᠢ ᠬᠥᠮᠥᠨ ᠤ ᠣᠶᠢᠯᠠᠭᠠᠯᠲᠠ ᠪᠠ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠵᠤ ᠂ ᠰᠤᠷᠤᠯᠴᠠᠵᠤ ᠰᠣᠯᠢᠯᠴᠠᠬᠤ ᠳᠤᠮᠳᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠂ ᠨᠡᠶᠢᠯᠡᠯ ᠬᠦᠴᠦᠨ ᠢᠶᠠᠨ ᠨᠡᠮᠡᠭᠳᠡᠭᠦᠯᠪᠡ ᠃ ᠤᠯᠠᠨ ᠢᠶᠠᠷ ᠢᠶᠠᠨ ᠂ ᠦᠵᠡᠯ ᠰᠠᠨᠠᠭ᠎ᠠ ᠶᠢ ᠰᠤᠷᠤᠯᠴᠠᠬᠤ ᠂ ᠬᠦᠴᠢᠷ ᠠᠰᠠᠭᠤᠳᠠᠯ ᠢ ᠰᠢᠢᠳᠪᠦᠷᠢᠯᠡᠬᠦ ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠭᠤᠣᠯ ᠰᠡᠳᠦᠪᠲᠦ ᠬᠥᠮᠦᠵᠢᠯ ᠳᠤ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ ᠂ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠴᠤ ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠶᠢ ᠪᠡᠶᠡᠯᠡᠭᠦᠯᠵᠦ ᠂ ᠮᠠᠨ ᠤ ᠣᠷᠣᠨ ᠤ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠬᠠᠩᠭᠠᠨ᠎ᠠ ᠭᠡᠵᠦ ᠢᠯᠡᠳᠬᠡᠵᠡᠭᠡᠪᠡ ᠃ 6 ᠰᠠᠷ᠎ᠠ ᠶᠢᠨ 14 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠬᠢᠯᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠵᠢᠴᠢ ︽ᠤᠮᠠᠷᠠᠲᠤ ᠶᠢᠨ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠨᠣᠮ ᠤᠩᠰᠢᠬᠤ ᠠᠩᠭᠢ ᠨᠢ 3 ᠡᠳᠦᠷ ᠬᠠᠭᠠᠰ ᠶᠠᠪᠤᠭᠳᠠᠵᠤ ᠂ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ ᠂ ᠲᠥᠪᠯᠡᠷᠡᠭᠦᠯᠦᠨ ᠰᠤᠷᠤᠯᠴᠠᠬᠤ ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠭᠡᠯᠪᠡᠷᠢ ᠪᠠᠷ ᠶᠠᠪᠤᠭᠳᠠᠪᠠ ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠂ ᠪᠦᠭᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ ᠂ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠬᠤ ᠬᠡᠷᠡᠭᠲᠡᠢ ᠃
ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠰᠤᠷᠤᠯᠴᠠᠯᠭ᠎ᠠ ᠶᠢ ᠲᠤᠭᠤᠰᠢᠲᠠᠢ ᠠᠳᠬᠤᠵᠤ ᠂ ᠦᠨᠡᠨ ᠪᠣᠳᠠᠲᠠᠢ ᠶᠢ ᠡᠷᠬᠢᠮᠯᠡᠨ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ ᠂ ᠦᠨᠡᠨ ᠪᠣᠳᠠᠲᠠᠢ ᠠᠵᠢᠯᠯᠠᠵᠤ ᠬᠥᠭᠵᠢᠯᠲᠡ ᠶᠢ ᠠᠬᠢᠭᠤᠯᠵᠤ ᠂ ᠦᠨᠡᠨᠬᠦ ᠬᠠᠲᠠᠭᠤ ᠲᠠᠢ ᠨᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠱᠠᠭᠠᠷᠳᠠᠪᠠ ᠃
ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠬᠢᠨ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠡᠢ ᠃ ᠲᠡᠷᠡᠴᠢᠯᠡᠨ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠬᠦᠷᠢᠶᠡᠯᠡᠩ ᠳᠤ ᠬᠦᠷᠴᠦ ︽ᠦᠵᠡᠯ ᠰᠠᠨᠠᠭ᠎ᠠ ᠶᠢ ᠰᠤᠷᠤᠯᠴᠠᠵᠤ ᠂ ᠨᠠᠮᠴᠢ ᠴᠢᠨᠠᠷ ᠢᠶᠠᠨ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠨ ᠂ ᠰᠢᠨ᠎ᠡ ᠭᠠᠪᠢᠶ᠎ᠠ ᠪᠠᠶᠢᠭᠤᠯᠬᠤ ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ ᠂ ᠭᠤᠣᠯ ᠰᠡᠳᠦᠪᠲᠦ ᠡᠪᠯᠡᠯ ᠤᠨ ᠡᠳᠦᠷᠯᠢᠭ ᠤᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠤᠨ ᠰᠤᠷᠤᠬᠴᠢᠳ ᠲᠤ ᠥᠭᠭᠦᠭᠰᠡᠨ ᠬᠠᠷᠢᠭᠤ ᠵᠠᠬᠢᠳᠠᠯ ᠢ ᠲᠥᠪᠯᠡᠷᠡᠭᠦᠯᠦᠨ ᠰᠤᠷᠤᠯᠴᠠᠵᠠᠢ ᠃ ᠨᠣᠮ ᠤᠩᠰᠢᠬᠤ ᠠᠩᠭᠢ ᠶᠢᠨ ᠬᠢᠨ ᠪᠦᠭᠦ ᠲᠠᠯ᠎ᠠ ᠪᠠᠷ ᠰᠤᠷᠤᠯᠴᠠᠬᠤ ᠪᠣᠯᠣᠨ ᠭᠤᠣᠯᠳᠠᠯᠭ᠎ᠠ ᠲᠠᠢ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠤᠨᠤᠯ ᠤᠨ ᠰᠤᠷᠤᠯᠴᠠᠯᠭ᠎ᠠ ᠪᠣᠯᠣᠨ ᠪᠣᠳᠠᠲᠠᠢ ᠠᠵᠢᠯᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠤᠨᠤᠯ ᠤᠨ ᠰᠤᠷᠤᠯᠴᠠᠯᠭ᠎ᠠ ᠶᠢ ᠨᠠᠮ ᠤᠨ ᠡᠳᠦᠷᠯᠢᠭ ᠂ ᠡᠪᠯᠡᠯ ᠤᠨ ᠡᠳᠦᠷᠯᠢᠭ ᠤᠨ ᠠᠵᠢᠯᠯᠠᠭ᠎ᠠ ᠲᠠᠢ ᠤᠶᠠᠯᠳᠤᠭᠤᠯᠵᠤ ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ ᠃ ᠨᠠᠮ ᠤᠨ ᠭᠡᠰᠢᠭᠦᠨ ᠺᠠᠳ᠋ᠷᠴᠤᠳ ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ᠰᠦᠭ ᠰᠦᠨᠡᠰᠦ ᠪᠠᠨ ᠱᠤᠭᠤᠵᠤ ᠂ ᠠᠵᠢᠯ ᠤᠨ ᠪᠠᠶᠢᠷᠢ ᠶᠢᠨ ᠦᠢᠯᠡᠳᠦᠯᠭᠡ ᠳᠤᠮᠳᠠ ᠭᠠᠪᠢᠶ᠎ᠠ ᠪᠠᠶᠢᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠦᠷᠡᠯᠡᠭᠦᠯᠦᠨ ᠵᠢᠮᠢᠰᠯᠡᠭᠦᠯᠬᠦ ᠶᠢ ᠴᠢᠨᠠᠭᠰᠢᠳᠠ ᠲᠦᠯᠬᠢᠨ ᠠᠬᠢᠭᠤᠯᠤᠨ᠎ᠠ ᠭᠡᠵᠦ ᠢᠯᠡᠳᠬᠡᠵᠡᠭᠡᠪᠡ ᠃