ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠦᠨᠳᠦᠰᠦ ᠪᠠᠨ ᠪᠠᠲᠤᠳᠬᠠᠨ  ᠪᠣᠳᠠᠲᠠᠢ ᠪᠠᠷ ᠠᠵᠢᠯᠯᠠᠵᠤ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠨ᠎ᠡ — ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠣᠯᠠᠨ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2023/6/27

       ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠠᠨ ᠶᠠᠩᠵᠤ ᠶᠢᠨ ᠰᠤᠷᠤᠯᠴᠠᠬᠤ ᠬᠡᠯᠪᠡᠷᠢ᠂ ᠬᠦᠷ ᠬᠥᠭᠵᠢᠶᠡᠨ ᠲᠠᠢ ᠰᠤᠷᠤᠯᠴᠠᠬᠤ ᠠᠭᠤᠷ ᠠᠮᠢᠰᠬᠤᠯ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠰᠢᠩᠭᠡᠭᠡᠬᠦ᠂ ᠤᠯᠠᠷᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃

      ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ︽ᠮᠢᠩᠭ᠎ᠠ ᠲᠦᠮᠡ ᠶᠢᠨ ᠢᠨᠵᠧᠨᠧᠷᠢᠩ︾ ︽ᠫᠦᠵᠢᠶᠠᠩ ᠤᠨ ᠲᠤᠷᠰᠢᠯᠭ᠎ᠠ︾ ᠶᠢ ᠭᠦᠨᠵᠡᠭᠡᠢ ᠰᠤᠷᠤᠯᠴᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ︽ᠮᠢᠩᠭ᠎ᠠ ᠲᠦᠮᠡ ᠶᠢᠨ ᠢᠨᠵᠧᠨᠧᠷᠢᠩ︾ ︽ᠫᠦᠵᠢᠶᠠᠩ ᠤᠨ ᠲᠤᠷᠰᠢᠯᠭ᠎ᠠ︾ ᠳᠤ ᠠᠭᠤᠯᠤᠭᠳᠠᠵᠤ ᠪᠠᠶᠢᠭ᠎ᠠ ᠣᠨᠣᠯᠵᠢᠬᠤᠨ ᠪᠠ ᠠᠷᠭ᠎ᠠ ᠶᠢ ᠭᠦᠨᠵᠡᠭᠡᠢ ᠰᠤᠷᠤᠯᠴᠠᠨ ᠠᠮᠢᠳᠤᠯᠢᠭ ᠢᠶᠠᠷ ᠬᠡᠷᠡᠭᠯᠡᠵᠦ᠂ ᠪᠠᠶᠢᠴᠠᠭᠠᠨ ᠰᠤᠳᠤᠯᠤᠯᠲᠠ ᠪᠠᠨ ᠬᠤᠪᠢᠶᠠᠯᠴᠠᠬᠤ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠬᠠᠷᠢᠯᠴᠠᠨ ᠰᠣᠷᠣᠯᠴᠠᠨ᠂ ᠳᠠᠪᠠᠭᠤᠯᠢᠭ ᠢ ᠨᠢ ᠠᠪᠴᠤ ᠳᠤᠲᠠᠭᠳᠠᠯ ᠢᠶᠠᠨ ᠨᠥᠬᠦᠪᠦᠷᠢᠯᠡᠵᠦ᠂ ᠤᠯᠠᠨ ᠤ ᠣᠶᠣᠨ ᠤᠬᠠᠭᠠᠨ ᠢ ᠲᠥᠪᠯᠡᠷᠡᠭᠦᠯᠦᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠤᠨ ᠣᠪᠣᠷ ᠰᠤᠷᠲᠠᠯ ᠢᠶᠠᠨ ᠬᠤᠪᠢᠷᠠᠭᠤᠯᠵᠤ᠂ ᠠᠰᠠᠭᠤᠳᠠᠯ ᠳᠤ ᠴᠢᠭᠯᠡᠭᠦᠯᠦᠨ ᠠᠷᠭ᠎ᠠ ᠪᠣᠳᠣᠯᠭ᠎ᠠ ᠰᠦᠪᠡᠭᠴᠢᠯᠡᠨ ᠠᠷᠭ᠎ᠠ ᠵᠠᠮ ᠡᠷᠢᠵᠦ᠂ ᠠᠷᠭ᠎ᠠ ᠪᠦᠬᠦᠨ ᠢ ᠰᠦᠪᠡᠭᠴᠢᠯᠡᠨ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠤᠯᠠᠨ ᠢᠶᠠᠷ ᠢᠶᠠᠨ᠂ ︽ᠮᠢᠩᠭ᠎ᠠ ᠲᠦᠮᠡ ᠶᠢᠨ ᠢᠨᠵᠧᠨᠧᠷᠢᠩ︾᠂ ︽ᠫᠦᠵᠢᠶᠠᠩ ᠤᠨ ᠲᠤᠷᠰᠢᠯᠭ᠎ᠠ︾ ᠪᠠᠷ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ᠂ ᠰᠤᠷᠤᠯᠴᠠᠬᠤ ᠥᠷᠨᠢᠯᠲᠡ ᠶᠢ ᠦᠷᠭᠦᠯᠵᠢᠯᠡᠨ ᠪᠤᠢ ᠪᠣᠯᠭᠠᠵᠤ᠂ ᠠᠵᠢᠯ ᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

      ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠤᠷᠢᠭᠤᠯ ᠤᠨ ᠭᠠᠵᠠᠷ ᠤᠨ ᠨᠠᠮ ᠤᠨ ᠡᠭᠦᠷ ᠠᠴᠠ ᠪᠦᠬᠦ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠵᠤ ᠪᠠᠶᠢᠭᠠᠳ ᠬᠥᠬᠡᠬᠤᠲᠠ ᠶᠢᠨ ᠬᠤᠷᠢᠨᠭᠡᠷ ᠰᠢᠶᠠᠨ ᠤ ᠲᠠᠶᠢᠭᠠᠲᠤ ᠲᠣᠰᠬᠤᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠳᠤ ᠬᠦᠷᠴᠦ ︽ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠵᠦ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠪᠦᠬᠦ ᠨᠠᠮ ᠤᠨ ᠭᠡᠰᠢᠭᠦᠳ ᠪᠣᠳᠠᠲᠠᠢ ᠵᠠᠭᠪᠤᠷ᠂ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠦᠵᠡᠵᠦ᠂ ᠬᠤᠪᠢᠰᠬᠠᠯ ᠤᠨ ᠦᠯᠢᠭᠡᠷ ᠢ ᠰᠣᠨᠣᠰᠤᠨ᠂ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠬᠦᠷᠲᠡᠵᠦ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠴᠢᠩᠭᠠᠳᠬᠠᠵᠠᠢ᠃ ᠤᠯᠠᠨ ᠢᠶᠠᠷ ᠢᠶᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ