ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/6/5

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

       ᠥᠪᠥᠷ ᠵᠠᠰᠠᠭ ᠠᠯᠪᠠᠨ ᠲᠠᠷᠬᠠᠭᠠᠭᠰᠠᠨ ﹇ 2022 ﹈ 86 ᠳ᠋ᠤᠭᠠᠷ ᠲᠣᠭᠠᠲᠤ

 

      ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ᠡᠳᠦᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ

ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

                             2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ

                                     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ

      ᠨᠢᠭᠡᠳᠦᠭᠡᠷ ᠪᠦᠯᠦᠭ   ᠶᠡᠷᠦᠩᠬᠡᠢ ᠳᠦᠷᠢᠮ

      ᠨᠢᠭᠡᠳᠦᠭᠡᠷ ᠵᠦᠢᠯ   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠪᠥᠬᠦ ᠣᠷᠣᠨ ᠤ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠨᠢ ᠬᠥᠲᠥᠯᠥᠨ ᠵᠢᠯᠤᠭᠤᠳᠬᠤ ᠪᠠ ᠤᠷᠮᠠᠰᠢᠭᠤᠯᠵᠤ ᠂ ᠭᠠᠷᠮᠠᠭᠠᠢ ᠠᠮᠵᠢᠯᠲᠠ ᠪᠦᠲᠦᠮᠵᠢ ᠶᠢ ᠬᠥᠭᠡᠭᠡᠴᠡᠯᠳᠦᠭᠦᠯᠦᠨ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠲᠣᠰ ᠠᠷᠭ᠎ᠠ ᠶᠢ ᠲᠣᠭᠲᠠᠭᠠᠪᠠ ᠃

      ᠬᠤᠶᠠᠳᠤᠭᠠᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︵ᠳᠣᠷᠣᠭᠰᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠭᠡᠵᠦ ᠲᠣᠪᠴᠢᠯᠠᠨ᠎ᠠ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠭᠰᠠᠨ ᠶᠠᠰᠤ ᠴᠢᠨᠠᠷ ᠤᠨ ᠲᠠᠯ᠎ᠠ ᠪᠠᠷ ᠬᠢ ᠬᠠᠮᠤᠭ ᠤᠨ ᠳᠡᠭᠡᠳᠦ ᠢᠷᠠᠭᠤ ᠠᠯᠳᠠᠷ ᠤᠨ ᠱᠠᠩᠨᠠᠯ ᠤᠨ ᠵᠦᠢᠯ ᠪᠠᠶᠢᠵᠤ ᠂ ᠲᠡᠭᠦᠨ ᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ ᠂ ᠶᠠᠰᠤ ᠴᠢᠨᠠᠷ ᠢ ᠳᠡᠭᠡᠭᠰᠢᠯᠡᠭᠦᠯᠦᠭᠰᠡᠨ ᠠᠮᠵᠢᠯᠲᠠ ᠪᠦᠲᠦᠮᠵᠢ ᠪᠠᠷ ᠢᠯᠡᠳᠲᠡ ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠣᠶᠢᠮ᠎ᠠ ᠂ ᠢᠯᠡᠷᠬᠡᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠯᠭᠤᠨ᠎ᠠ ᠃

      ᠭᠤᠷᠪᠠᠳᠤᠭᠠᠷ ᠵᠦᠢᠯ   ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ 2 ᠵᠢᠯ ᠳᠤ 1 ᠤᠳᠠᠭ᠎ᠠ ᠰᠢᠯᠭᠠᠷᠠᠭᠤᠯᠤᠨ ᠰᠣᠩᠭᠤᠵᠤ ᠂ ᠬᠤᠭᠤᠴᠠᠭ᠎ᠠ ᠪᠦᠷᠢ ᠳᠤ ᠣᠯᠭᠤᠬᠤ ᠶᠠᠰᠤ ᠴᠢᠨᠠᠷ ᠤᠨ ᠱᠠᠩᠨᠠᠯ ᠤᠨ ᠶᠡᠷᠦᠩᠬᠡᠢ ᠲᠤᠭ᠎ᠠ ᠨᠢ 5 ᠪᠣᠯᠣᠨ᠎ᠠ ᠃

      ᠨᠥᠬᠦᠴᠡᠯ ᠳᠤ ᠨᠡᠶᠢᠴᠡᠬᠦ ᠨᠢᠭᠡᠴᠢ ᠪᠠᠶᠢᠬᠤ ᠦᠭᠡᠢ ᠪᠣᠯ ᠱᠠᠩᠨᠠᠯ ᠤᠨ ᠵᠦᠢᠯ ᠢ ᠬᠤᠭᠤᠰᠤᠨ ᠪᠠᠶᠢᠯᠭᠠᠵᠤ ᠪᠣᠯᠣᠨ᠎ᠠ ᠃

      ᠳᠥᠷᠪᠡᠳᠦᠭᠡᠷ ᠵᠦᠢᠯ   ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ  ᠤᠨ ᠰᠢᠯᠭᠠᠷᠠᠭᠤᠯᠤᠯᠲᠠ ᠳᠤ ᠣᠷᠤᠯᠴᠠᠬᠤ ᠡᠲᠡᠭᠡᠳ ᠠᠴᠠ ᠰᠦᠢᠳᠬᠡᠯ ᠬᠤᠷᠢᠶᠠᠬᠤ ᠦᠭᠡᠢ ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠲᠣ ᠶᠢᠨ ᠪᠠᠶᠢᠭ᠎ᠠ ᠵᠠᠷᠤᠳᠠᠯ ᠠᠴᠠ ᠪᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠲᠤᠰᠠᠯᠠᠮᠵᠢ ᠶᠢᠨ ᠪᠡᠯᠡ ᠮᠥᠩᠭᠦ ᠶᠢ ᠱᠠᠩᠨᠠᠯ ᠣᠯᠭᠤᠬᠤ ᠶᠢᠨ ᠳᠠᠷᠠᠭ᠎ᠠ ᠨᠢᠭᠡ ᠵᠢᠯ ᠤᠨ ᠰᠠᠯᠠᠭ᠎ᠠ ᠮᠥᠴᠢᠷ ᠤᠨ ᠲᠥᠰᠥᠪ ᠲᠤ ᠪᠠᠨ ᠵᠢᠭᠰᠠᠭᠠᠨ ᠣᠷᠣᠭᠤᠯᠤᠨ᠎ᠠ ᠃

      ᠲᠠᠪᠤᠳᠤᠭᠠᠷ ᠵᠦᠢᠯ   ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠤᠨ ᠰᠣᠩᠭᠤᠬᠤ ᠳᠤ ᠰᠠᠶᠢᠨ ᠳᠤᠷ᠎ᠠ ᠠᠴᠠ ᠪᠠᠨ ᠭᠤᠶᠤᠴᠢᠯᠠᠵᠤ ᠮᠡᠳᠡᠭᠦᠯᠬᠦ ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠂ ᠡᠷᠬᠡ ᠲᠡᠭᠰᠢ ᠲᠥᠪ ᠭᠤᠥᠯᠴᠢ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ ᠂ ᠪᠠᠷᠢᠮᠵᠢᠶ᠎ᠠ ᠪᠠᠨ ᠴᠢᠩᠳᠠᠯᠠᠵᠤ ᠂ ᠰᠠᠶᠢᠨ ᠠᠴᠠ ᠨᠢ ᠰᠢᠯᠢᠳᠡᠭ ᠢ ᠨᠢ ᠰᠣᠩᠭᠤᠬᠤ ᠬᠡᠷᠡᠭᠲᠡᠢ ᠃

      ᠵᠢᠷᠭᠤᠳᠤᠭᠠᠷ ᠵᠦᠢᠯ   ᠬᠢᠨᠠᠨ ᠲᠣᠭᠲᠠᠭᠠᠬᠤ ᠳᠦᠷᠢᠮᠯᠡᠯ ᠳᠤ GB/T19580 ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠳᠦᠷᠢᠮ ︾ ᠢ ᠦᠨᠳᠦᠰᠦᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ  ᠤᠶᠠᠯᠳᠤᠭᠤᠯᠵᠤ ᠪᠠᠶᠢᠭᠠᠳ ᠲᠣᠭᠲᠠᠭᠠᠨ᠎ᠠ ᠃

      ᠬᠤᠶᠠᠳᠤᠭᠠᠷ ᠪᠦᠯᠦᠭ   ᠵᠣᠬᠢᠶᠠᠨ ᠪᠠᠶᠢᠭᠤᠯᠵᠤ ᠬᠠᠮᠢᠶᠠᠷᠬᠤ

      ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠢᠨᠠᠨ ᠲᠣᠭᠲᠠᠭᠠᠬᠤ ᠠᠵᠢᠯ ᠢ ᠬᠠᠷᠢᠭᠤᠴᠠᠵᠤ ᠂ ᠬᠢᠨᠠᠨ ᠲᠣᠭᠲᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠬᠢᠨᠠᠨ ᠲᠣᠭᠲᠠᠭᠠᠬᠤ ᠳᠦᠷᠢᠮ ᠪᠠ ᠰᠢᠯᠭᠠᠷᠠᠭᠤᠯᠤᠨ ᠰᠣᠩᠭᠤᠭᠰᠠᠨ ᠦᠷ᠎ᠡ ᠳ᠋ᠦᠩ ᠢ ᠬᠢᠨᠠᠵᠤ ᠲᠣᠭᠲᠠᠭᠠᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠳᠤ ᠱᠠᠩᠨᠠᠯ ᠣᠯᠭᠤᠬᠤ ᠪᠠᠷ ᠲᠥᠯᠥᠪᠯᠡᠭᠰᠡᠨ ᠨᠡᠷᠡᠰ ᠵᠡᠷᠭᠡ ᠵᠦᠢᠯᠡᠰ ᠢ ᠳᠤᠷᠠᠳᠤᠨ᠎ᠠ ᠃

      ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ ᠂ ᠬᠢᠨᠠᠨ ᠲᠣᠭᠲᠠᠭᠠᠬᠤ ᠳᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠵᠤ ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠤᠨ ᠬᠠᠮᠢᠶᠠᠷᠴᠤ ᠂ ᠬᠢᠨᠠᠨ ᠲᠣᠭᠲᠠᠭᠠᠬᠤ ᠠᠵᠢᠯ ᠤᠨ ᠲᠥᠯᠥᠪᠯᠡᠭᠡ ᠪᠠ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠂ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠵᠤ ᠂ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠂ ᠵᠢᠱᠢᠭᠳᠡᠭᠰᠡᠳ ᠤᠨ ᠨᠡᠷᠡᠰ ᠢ ᠬᠢᠨᠠᠨ ᠵᠥᠪᠯᠡᠬᠦ ᠪᠠᠷ ᠳᠤᠷᠠᠳᠤᠨ ᠭᠠᠷᠭᠠᠵᠤ ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠪᠠ ᠠᠷᠭ᠎ᠠ ᠶᠢ ᠤᠬᠠᠭᠤᠯᠤᠨ ᠳᠡᠯᠭᠡᠷᠡᠭᠦᠯᠬᠦ ᠂ ᠪᠣᠯᠪᠠᠰᠤᠷᠠᠯ ᠬᠢᠬᠦ ᠪᠠ ᠬᠥᠮᠥᠵᠢᠭᠦᠯᠦᠨ ᠪᠣᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ ᠂ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠣᠯᠣᠨ ᠲᠡᠮᠳᠡᠭ ᠤᠨ ᠬᠡᠷᠡᠭᠯᠡᠯᠲᠡ ᠶᠢ ᠵᠢᠷᠤᠮᠵᠢᠭᠤᠯᠵᠤ ᠂ ᠬᠢᠨᠠᠯᠲᠠ ᠲᠠᠯᠪᠢᠨ᠎ᠠ ᠃

      ᠶᠢᠰᠦᠳᠦᠭᠡᠷ ᠵᠦᠢᠯ   ᠡᠯ᠎ᠡ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠤᠰ ᠭᠠᠵᠠᠷ ᠣᠷᠣᠨ ᠤ ᠪᠠᠨ ᠭᠤᠶᠤᠴᠢᠯᠠᠵᠤ ᠮᠡᠳᠡᠭᠦᠯᠬᠦ ᠶᠢ ᠳᠠᠶᠢᠴᠢᠯᠠᠬᠤ ᠂ ᠲᠠᠨᠢᠯᠴᠠᠭᠤᠯᠬᠤ ᠠᠵᠢᠯ ᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠲᠤᠰ ᠠᠵᠢᠯ ᠲᠥᠷᠥᠯ ᠤᠨ ᠢᠶᠠᠨ ᠭᠤᠶᠤᠴᠢᠯᠠᠵᠤ ᠮᠡᠳᠡᠭᠦᠯᠬᠦ ᠶᠢ ᠳᠠᠶᠢᠴᠢᠯᠠᠬᠤ ᠠᠵᠢᠯ ᠢ ᠬᠠᠷᠢᠭᠤᠴᠠᠨ᠎ᠠ ᠃

      ᠭᠤᠷᠪᠠᠳᠤᠭᠠᠷ ᠪᠦᠯᠦᠭ   ᠭᠤᠶᠤᠴᠢᠯᠠᠨ ᠮᠡᠳᠡᠭᠦᠯᠬᠦ ᠨᠥᠬᠦᠴᠡᠯ

      ᠠᠷᠪᠠᠳᠤᠭᠠᠷ ᠵᠦᠢᠯ   ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠢᠭᠡᠴᠢ ᠨᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄

      ︵ᠨᠢᠭᠡ︶ ᠥᠪᠡᠷᠲᠡᠭᠡᠨ ᠵᠠᠰᠠᠬᠤ ᠣᠷᠣᠨ ᠳᠤ ᠬᠠᠤᠯᠢ ᠶᠣᠰᠣᠭᠠᠷ ᠳᠡᠩᠰᠠᠯᠠᠨ ᠲᠡᠮᠳᠡᠭᠯᠡᠭᠦᠯᠦᠭᠰᠡᠨ ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠂ 5 ᠵᠢᠯ ᠠᠴᠠ ᠳᠡᠭᠡᠭᠰᠢ ᠬᠤᠭᠤᠴᠠᠭ᠎ᠠ ᠲᠠᠢ ᠬᠡᠪ ᠤᠨ ᠪᠠᠶᠢᠳᠠᠯ ᠢᠶᠠᠷ ᠦᠢᠯᠡᠳᠪᠦᠷᠢᠯᠡᠨ ᠡᠵᠡᠩᠨᠡᠭᠰᠡᠨ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠂ ᠶᠠᠰᠤ ᠴᠢᠨᠠᠷ ᠂ ᠣᠷᠴᠢᠨ ᠲᠣᠭᠤᠷᠢᠨ ᠤ ᠬᠠᠮᠠᠭᠠᠯᠠᠯᠲᠠ ᠂ ᠡᠨᠧᠷᠭᠢ ᠠᠷᠪᠢᠯᠠᠬᠤ ᠂ ᠠᠮᠤᠷ ᠲᠦᠪᠰᠢᠨ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ ᠦᠨᠡᠮᠯᠡᠯ ᠢ ᠪᠦᠷᠢᠯᠳᠦᠭᠦᠯᠦᠭᠰᠡᠨ ᠪᠠᠶᠢᠬᠤ ᠃

      ︵ᠬᠤᠶᠠᠷ︶ ᠶᠠᠰᠤ ᠴᠢᠨᠠᠷ ᠢ ᠬᠠᠮᠢᠶᠠᠷᠬᠤ ᠲᠣᠭᠲᠠᠯᠴᠠᠭ᠎ᠠ ᠨᠢ ᠪᠦᠷᠢᠨᠰᠢᠭᠰᠡᠨ ᠂ ᠶᠠᠰᠤ ᠴᠢᠨᠠᠷ ᠢ ᠬᠠᠮᠢᠶᠠᠷᠬᠤ ᠵᠠᠭᠪᠤᠷ  ᠨᠢ ᠲᠡᠷᠢᠭᠦᠨ ᠤ ᠪᠠᠶᠢᠵᠤ ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠭᠰᠠᠨ ᠂ ᠶᠠᠰᠤ ᠴᠢᠨᠠᠷ ᠢ ᠬᠠᠮᠢᠶᠠᠷᠬᠤ ᠳᠦᠷᠢᠮ ᠂ ᠵᠠᠭᠪᠤᠷ ᠂ ᠠᠷᠭ᠎ᠠ ᠠᠪᠴᠠᠯ ᠳᠤ ᠰᠢᠨ᠎ᠡ ᠶᠢ ᠡᠭᠦᠳᠦᠭᠰᠡᠨ ᠤ ᠬᠠᠮᠲᠤ ᠂ 2 ᠵᠢᠯ ᠠᠴᠠ ᠳᠡᠭᠡᠭᠰᠢ ᠬᠤᠭᠤᠴᠠᠭ᠎ᠠ ᠲᠠᠢ ᠪᠦᠲᠦᠮᠵᠢᠲᠡᠶ ᠠᠵᠢᠯᠯᠠᠭᠰᠠᠨ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ ᠲᠠᠢ ᠪᠠᠶᠢᠬᠤ ᠃

      ︵ᠭᠤᠷᠪᠠ︶ ︽ᠶᠠᠰᠤ ᠴᠢᠨᠠᠷ ᠢ ᠲᠡᠷᠢᠭᠦᠨ ᠳᠤ ᠲᠠᠯᠪᠢᠬᠤ ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ︾ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ ᠂ ᠶᠠᠰᠤ ᠴᠢᠨᠠᠷ ᠤᠨ ᠠᠵᠢᠯ ᠤᠨ ᠰᠢᠯᠢᠳᠡᠭ ᠰᠣᠶᠣᠯ ᠢ ᠡᠷᠬᠢᠮᠯᠡᠵᠦ ᠂ ᠶᠠᠰᠤ ᠴᠢᠨᠠᠷ ᠤᠨ ᠬᠤᠪᠢᠰᠤᠯᠲᠠ ᠶᠢ ᠶᠡᠭᠡ ᠪᠠᠷ ᠠᠬᠢᠭᠤᠯᠤᠨ᠎ᠠ ᠃ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ ᠶᠢᠨ ᠭᠤᠣᠯ ᠪᠣᠯᠬᠤ ᠠᠵᠤ ᠠᠬᠤᠢ ᠂ ᠮᠡᠷᠭᠡᠵᠢᠯ ᠤᠨ ᠭᠦᠢᠴᠡᠳᠬᠡᠯ ᠲᠤᠭ᠎ᠠ ᠪᠣᠯᠣᠨ ᠶᠠᠰᠤ ᠴᠢᠨᠠᠷ ᠤᠨ ᠬᠢᠷᠢ ᠲᠦᠪᠰᠢᠨ ᠨᠢ ᠪᠥᠬᠦ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠬᠤ︔ ᠠᠰᠢᠭ ᠣᠯᠵᠠᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠭ᠎ᠠ ᠨᠢᠭᠡᠴᠢ ᠶᠢᠨ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠨᠢ ᠥᠪᠡᠷᠲᠡᠭᠡᠨ ᠵᠠᠰᠠᠬᠤ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠬᠤ ᠃

      ︵ᠳᠥᠷᠪᠡ︶ ᠶᠠᠰᠤ ᠴᠢᠨᠠᠷ ᠤᠨ ᠬᠥᠭᠵᠢᠯᠲᠡ ᠂ ᠨᠠᠷᠠᠲᠤ ᠲᠡᠮᠳᠡᠭ ᠤᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠂ ᠪᠠᠷᠢᠮᠵᠢᠶ᠎ᠠ ᠳᠤ ᠰᠢᠨ᠎ᠡ ᠶᠢ ᠡᠭᠦᠳᠬᠦ ᠂ ᠠᠵᠤ ᠠᠬᠤᠢ ᠨᠡᠶᠢᠭᠡᠮ ᠤᠨ ᠦᠷ᠎ᠡ ᠠᠰᠢᠭ ᠂ ᠡᠨᠧᠷᠭᠢ ᠠᠷᠪᠢᠯᠠᠨ ᠬᠤᠷᠣᠭᠳᠠᠯ ᠢ ᠪᠠᠭᠤᠷᠠᠭᠤᠯᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠣᠯᠣᠭᠰᠠᠨ ᠪᠠᠶᠢᠬᠤ ᠃

      ︵ᠲᠠᠪᠤ︶ ᠣᠶᠢᠷ᠎ᠠ ᠶᠢᠨ 3 ᠵᠢᠯ ᠤᠨ ᠬᠤᠭᠤᠴᠠᠭᠠᠨ ᠳᠤ ᠶᠠᠰᠤ ᠴᠢᠨᠠᠷ ᠂ ᠠᠮᠤᠷ ᠲᠦᠪᠰᠢᠨ ᠂ ᠣᠷᠴᠢᠨ ᠲᠣᠭᠤᠷᠢᠨ ᠤ ᠪᠣᠬᠢᠷᠲᠤᠯ ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠠᠳᠡᠯ ᠭᠠᠷᠤᠭᠰᠠᠨ ᠦᠭᠡᠢ ᠂ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠂ ᠲᠣᠭᠲᠠᠭᠠᠯ ᠠᠴᠠ ᠵᠥᠷᠢᠴᠡᠭᠰᠡᠨ ᠂ ᠰᠠᠬᠢᠯᠭ᠎ᠠ ᠪᠠᠲᠤ ᠶᠢ ᠵᠥᠷᠢᠴᠡᠭᠰᠡᠨ ᠪᠠ  ᠢᠲᠡᠭᠡᠮᠵᠢ ᠪᠠᠨ ᠠᠯᠳᠠᠭᠰᠠᠨ ᠲᠡᠮᠳᠡᠭᠯᠡᠯ ᠪᠠᠶᠢᠬᠤ ᠦᠭᠡᠢ ᠃

      ᠳᠥᠷᠪᠡᠳᠦᠭᠡᠷ ᠪᠦᠯᠦᠭ   ᠬᠢᠨᠠᠨ ᠲᠣᠭᠲᠠᠭᠠᠬᠤ ᠶᠠᠪᠤᠴᠠ

      ᠠᠷᠪᠠᠨ ᠨᠢᠭᠡᠳᠦᠭᠡᠷ ᠵᠦᠢᠯ   ᠭᠤᠶᠤᠴᠢᠯᠠᠨ ᠮᠡᠳᠡᠭᠦᠯᠬᠦ ᠨᠢᠭᠡᠴᠢ ᠨᠦᠭᠦᠳ ᠰᠠᠶᠢᠨ ᠳᠤᠷ᠎ᠠ ᠶᠢᠨ ᠪᠠᠶᠢᠬᠤ ᠰᠠᠭᠤᠷᠢᠨ ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠦᠨᠡᠨ ᠮᠥᠨ ᠢᠶᠠᠷ ᠲᠠᠭᠯᠠᠵᠤ ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠠ ᠬᠠᠮᠢᠶ᠎ᠠ ᠪᠦᠬᠦᠢ ᠨᠤᠲᠠᠯᠠᠨ ᠭᠡᠷᠡᠴᠢᠯᠡᠬᠦ ᠴᠢᠨᠠᠷᠲᠠᠢ ᠮᠠᠲ᠋ᠧᠷᠢᠶᠠᠯ ᠢᠶᠠᠨ ᠲᠣᠭᠲᠠᠭᠰᠠᠨ ᠴᠠᠭ ᠬᠤᠭᠤᠴᠠᠭᠠᠨ ᠳᠤ ᠂ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ ᠃

      ᠠᠷᠪᠠᠨ ᠬᠤᠶᠠᠳᠤᠭᠠᠷ ᠵᠦᠢᠯ   ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠪᠣᠯᠣᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠂ ᠦᠨᠡᠨ ᠪᠣᠳᠠᠲᠤ ᠴᠢᠨᠠᠷ ᠲᠤ ᠬᠡᠯᠪᠡᠷᠢ ᠶᠢᠨ ᠲᠠᠯ᠎ᠠ ᠪᠠᠷ ᠬᠢᠨᠠᠨ ᠪᠠᠶᠢᠴᠠᠭᠠᠯᠲᠠ ᠬᠢᠵᠦ ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠳᠤ ᠨᠢ ᠲᠠᠨᠢᠯᠴᠠᠭᠤᠯᠬᠤ ᠰᠠᠨᠠᠯ ᠭᠠᠷᠭᠠᠬᠤ ᠬᠡᠷᠡᠭᠲᠡᠢ ᠃

      ᠠᠷᠪᠠᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠪᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠳᠠᠬᠢᠨ ᠬᠠᠷᠭᠤᠭᠤᠯᠵᠤ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ ᠂ ᠬᠢᠷᠢ ᠬᠡᠮ ᠳᠤ ᠨᠡᠶᠢᠴᠡᠬᠦ ᠨᠡᠷᠡᠰ ᠢ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ ᠃

      ᠠᠷᠪᠠᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶  ᠨᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ᠂ ᠡᠭᠦᠨ ᠳᠤ ᠮᠠᠲ᠋ᠧᠷᠢᠶᠠᠯ ᠢ ᠬᠢᠨᠠᠨ ᠲᠣᠭᠲᠠᠭᠠᠬᠤ ᠂ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠂  ᠲᠣᠭᠠᠴᠢᠯᠲᠠ ᠬᠢᠵᠦ ᠬᠠᠷᠢᠭᠤ ᠮᠠᠷᠭᠤᠬᠤ ᠪᠠᠭᠲᠠᠨ᠎ᠠ ᠃

      ︵ᠨᠢᠭᠡ︶ ᠮᠠᠲ᠋ᠧᠷᠢᠶᠠᠯ ᠢ ᠬᠢᠨᠠᠨ ᠲᠣᠭᠲᠠᠭᠠᠬᠤ ᠃ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠂ ᠮᠠᠲ᠋ᠧᠷᠢᠶᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ ᠂ ᠬᠢᠨᠠᠨ ᠲᠣᠭᠲᠠᠭᠠᠭᠰᠠᠨ ᠰᠠᠨᠠᠯ ᠪᠠ ᠮᠠᠲ᠋ᠧᠷᠢᠶᠠᠯ ᠢ ᠬᠢᠨᠠᠨ ᠲᠣᠭᠲᠠᠭᠠᠭᠰᠠᠨ ᠬᠤᠪᠢ ᠶᠢ ᠭᠠᠷᠭᠠᠵᠤ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠡᠯ᠎ᠡ ᠳᠤᠭᠤᠶᠢᠯᠠᠩ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠭᠡᠳ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠨᠢᠭᠡᠴᠢ ᠶᠢᠨ ᠨᠡᠷᠡᠰ ᠢ ᠲᠣᠭᠲᠠᠭᠠᠨ᠎ᠠ ᠃

      ︵ᠬᠤᠶᠠᠷ︶ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠃ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠂ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ ᠭᠤᠭᠴᠤᠭ᠎ᠠ ᠳᠤ ᠣᠷᠣᠭᠰᠠᠨ ᠭᠤᠶᠤᠴᠢᠯᠠᠨ ᠮᠡᠳᠡᠭᠦᠯᠬᠦ ᠨᠢᠭᠡᠴᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠦᠢᠯᠡᠳᠦᠯᠭᠡ ᠂ ᠭᠠᠷᠮᠠᠭᠠᠢ ᠠᠮᠵᠢᠯᠲᠠ ᠪᠦᠲᠦᠮᠵᠢ ᠶᠢᠨ ᠵᠠᠭᠪᠤᠷ ᠢ ᠬᠡᠷᠡᠭᠵᠢᠭᠦᠯᠦᠭᠰᠡᠨ ᠶᠠᠪᠤᠴᠠ ᠦᠷ᠎ᠡ ᠳ᠋ᠦᠩ ᠵᠡᠷᠭᠡ ᠳᠤ ᠲᠤᠬᠠᠢ ᠶᠢᠨ ᠭᠠᠵᠠᠷ ᠲᠤ ᠨᠢ ᠦᠨᠡᠯᠡᠯᠲᠡ ᠬᠢᠵᠦ ᠂ ᠬᠢᠨᠠᠨ ᠲᠣᠭᠲᠠᠭᠠᠭᠰᠠᠨ ᠰᠠᠨᠠᠯ ᠪᠠ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠭᠰᠠᠨ ᠬᠤᠪᠢ ᠶᠢ ᠭᠠᠷᠭᠠᠨ᠎ᠠ ᠃

      ︵ ᠭᠤᠷᠪᠠ ︶ ᠲᠣᠭᠠᠴᠢᠯᠲᠠ ᠬᠢᠵᠦ ᠬᠠᠷᠢᠭᠤ ᠮᠠᠷᠭᠤᠬᠤ ᠃ ᠲᠣᠭᠠᠴᠢᠯᠲᠠ ᠬᠢᠵᠦ ᠬᠠᠷᠢᠭᠤ ᠮᠠᠷᠭᠤᠬᠤ ᠶᠢᠨ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠶᠢ ᠪᠡᠶᠡᠯᠡᠭᠦᠯᠦᠭᠰᠡᠨ ᠭᠤᠶᠤᠴᠢᠯᠠᠨ ᠮᠡᠳᠡᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠠᠶᠢᠭᠠᠳ ᠲᠣᠭᠠᠴᠢᠯᠲᠠ ᠬᠢᠵᠦ ᠬᠠᠷᠢᠭᠤ ᠮᠠᠷᠭᠤᠭᠤᠯᠵᠤ ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠬᠢᠨᠠᠨ ᠲᠣᠭᠲᠠᠭᠠᠭᠰᠠᠨ ᠰᠠᠨᠠᠯ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠤ ᠬᠤᠪᠢ ᠶᠢ ᠭᠠᠷᠭᠠᠨ᠎ᠠ ᠃

      ᠠᠷᠪᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠭᠰᠠᠨ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠦᠷ᠎ᠡ ᠳ᠋ᠦᠩ ᠢ ᠦᠨᠳᠦᠰᠦᠯᠡᠨ ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠶᠡᠷᠦᠩᠬᠡᠢ ᠬᠤᠪᠢ ᠶᠢ ᠲᠣᠭᠲᠠᠭᠠᠵᠤ ᠂ ᠱᠠᠩᠨᠠᠯ ᠣᠯᠭᠤᠬᠤ ᠪᠠᠷ ᠵᠢᠱᠢᠭᠳᠡᠭᠰᠡᠳ ᠤᠨ ᠨᠡᠷᠡᠰ ᠢ ᠰᠤᠳᠤᠯᠤᠨ ᠳᠤᠷᠠᠳᠴᠤ ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠰᠠᠨᠠᠭᠤᠯᠭ᠎ᠠ ᠬᠤᠷᠢᠶᠠᠨ᠎ᠠ ᠃

      ᠠᠷᠪᠠᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠬᠢᠨᠠᠨ ᠲᠣᠭᠲᠠᠭᠠᠭᠰᠠᠨ ᠮᠡᠳᠡᠭᠦᠯᠦᠯᠲᠡ ᠵᠢᠴᠢ ᠰᠠᠨᠠᠯ ᠬᠤᠷᠢᠶᠠᠭᠰᠠᠨ ᠪᠠᠶᠢᠳᠠᠯ ᠢ ᠬᠤᠷᠢᠶᠠᠩᠭᠤᠶᠢᠯᠠᠵᠤ ᠂ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠲᠥᠯᠥᠪᠯᠡᠵᠦ ᠪᠠᠶᠢᠭ᠎ᠠ ᠨᠡᠷᠡᠰ ᠢ ᠳᠤᠷᠠᠳᠴᠤ ᠂ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ ᠃ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠠᠴᠠ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠨᠡᠶᠢᠭᠡᠮ ᠨᠡᠶᠢᠲᠡ ᠳᠤ ᠵᠠᠷᠯᠠᠨ᠎ᠠ ᠂ ᠨᠡᠶᠢᠲᠡ ᠳᠤ ᠵᠠᠷᠯᠠᠬᠤ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ ᠃

      ᠲᠠᠪᠤᠳᠤᠭᠠᠷ ᠪᠦᠯᠦᠭ   ᠰᠠᠶᠢᠰᠢᠶᠠᠨ ᠬᠥᠬᠢᠭᠦᠯᠵᠦ ᠱᠠᠩᠨᠠᠬᠤ

      ᠠᠷᠪᠠᠨ ᠳᠣᠯᠣᠳᠤᠭᠠᠷ ᠵᠦᠢᠯ   ᠢᠯᠡ ᠪᠠᠷ ᠨᠡᠶᠢᠲᠡᠯᠡᠭᠡᠳ ᠣᠨᠳᠣᠣ ᠰᠠᠨᠠᠯ ᠪᠠᠶᠢᠬᠤ ᠦᠭᠡᠢ ᠪᠣᠯ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠤᠳᠤᠷᠢᠳᠬᠤ ᠳᠤᠭᠤᠶᠢᠯᠠᠩ ᠤᠨ ᠠᠯᠪᠠᠨ ᠭᠡᠷ ︶ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠬᠦ ᠪᠠᠷ ᠨᠡᠪᠲᠡᠷᠡᠭᠦᠯᠦᠨ ᠮᠡᠳᠡᠭᠡᠯᠡᠵᠦ ᠂ ᠱᠠᠩᠨᠠᠯ  ᠤᠨ ᠮᠧᠳᠠᠯ ᠪᠠ ᠦᠨᠡᠮᠯᠡᠯ ᠣᠯᠭᠤᠨ᠎ᠠ ᠃

      ᠠᠷᠪᠠᠨ ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠣᠯᠣᠭᠰᠠᠨ ᠨᠢᠭᠡᠴᠢ ᠳᠤ 100 ᠲᠦᠮᠡᠨ ᠲᠥᠭᠦᠷᠢᠭ  ᠤᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠣᠯᠭᠤᠨ᠎ᠠ ᠃ ᠠᠳᠠᠯᠢ ᠱᠠᠩᠨᠠᠯ ᠢ ᠳᠠᠬᠢᠨᠲᠠ ᠣᠯᠣᠭᠰᠠᠨ ᠨᠢᠭᠡᠴᠢ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠳᠠᠭᠢᠵᠤ ᠣᠯᠭᠤᠬᠤ ᠦᠭᠡᠢ ᠃

      ᠠᠷᠪᠠ ᠶᠢᠰᠦᠳᠦᠭᠡᠷ ᠵᠦᠢᠯ   ᠱᠠᠩᠨᠠᠯ ᠣᠯᠣᠭᠰᠠᠨ ᠨᠢᠭᠡᠴᠢ ᠳᠤ ᠣᠯᠭᠤᠭᠰᠠᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠭᠤᠣᠯᠳᠠᠭᠤ ᠶᠠᠰᠤ ᠴᠢᠨᠠᠷ ᠤᠨ ᠮᠡᠷᠭᠡᠵᠢᠯ ᠤᠨ ᠰᠢᠪᠲᠤᠯᠤᠯᠲᠠ ᠶᠢᠨ ᠠᠵᠢᠯ ᠢ ᠥᠷᠨᠢᠭᠦᠯᠬᠦ ᠂ ᠶᠠᠰᠤ ᠴᠢᠨᠠᠷ ᠤᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠬᠤ ᠂ ᠠᠵᠢᠯᠲᠠᠨ ᠠᠵᠢᠯᠴᠢᠨ ᠤ ᠴᠢᠨᠠᠷ ᠴᠢᠨᠰᠠᠭ᠎ᠠ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠬᠦ ᠵᠡᠷᠭᠡ ᠳᠤ ᠵᠠᠷᠤᠴᠠᠭᠤᠯᠵᠤ ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ ᠃ ᠱᠠᠩᠨᠠᠯ ᠣᠯᠣᠭᠰᠠᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶  ᠶᠢᠨ ᠲᠤᠰᠬᠠᠢ ᠵᠦᠢᠯ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠥᠷᠨᠢᠭᠦᠯᠬᠦ ᠳᠤ ᠬᠠᠮᠵᠢᠬᠤ ᠬᠡᠷᠡᠭᠲᠡᠢ ᠃

      ᠵᠢᠷᠭᠤᠳᠤᠭᠠᠷ ᠪᠦᠯᠦᠭ   ᠬᠢᠨᠠᠯᠲᠠ ᠬᠠᠮᠢᠶᠠᠷᠤᠯᠲᠠ

      ᠬᠤᠷᠢᠳᠤᠭᠠᠷ ᠵᠦᠢᠯ   ᠬᠢᠨᠠᠨ ᠲᠣᠭᠲᠠᠭᠠᠬᠤ ᠠᠵᠢᠯᠲᠠᠨ ᠭᠤᠶᠤᠴᠢᠯᠠᠨ ᠮᠡᠳᠡᠭᠦᠯᠦᠭᠰᠡᠨ ᠨᠢᠭᠡᠴᠢ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ ᠂ ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ ᠃

      ᠬᠤᠷᠢᠨ ᠨᠢᠭᠡᠳᠦᠭᠡᠷ ᠵᠦᠢᠯ    ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠢᠨᠠᠨ ᠲᠣᠭᠲᠠᠭᠠᠯᠲᠠ ᠳᠤ ᠣᠷᠣᠯᠴᠠᠭᠴᠢ ᠡᠷᠬᠡᠪᠰᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠤᠳᠠᠯᠳᠤᠭᠠᠨ ᠤ ᠨᠢᠭᠤᠴᠠ ᠂ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ ᠃

      ᠬᠤᠷᠢᠨ ᠬᠤᠶᠠᠳᠤᠭᠠᠷ ᠵᠦᠢᠯ   ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠠᠬᠢ ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠳᠤ ᠬᠤᠯᠪᠣᠭᠳᠠᠭᠰᠠᠨ ᠵᠦᠢᠯ ᠢᠶᠠᠨ ᠰᠠᠨᠠᠭᠠᠴᠢᠯᠠᠭ᠎ᠠ ᠠᠴᠠ ᠪᠠᠨ ᠲᠣᠳᠣᠷᠬᠠᠶᠢᠯᠠᠬᠤ ᠬᠡᠷᠡᠭᠲᠡᠢ ᠃

      ᠬᠤᠷᠢᠨ ᠭᠤᠷᠪᠠᠳᠤᠭᠠᠷ ᠵᠦᠢᠯ   ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ ᠃ ᠬᠤᠳᠠᠯ ᠬᠠᠭᠤᠷᠮᠠᠭ ᠢᠶᠠᠷ ᠵᠣᠬᠢᠶᠠᠵᠤ ᠂ ᠵᠦᠢ ᠪᠤᠰᠤ ᠠᠷᠭ᠎ᠠ ᠪᠠᠷᠢᠯ ᠢᠶᠠᠷ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠣᠭᠰᠠᠨ ᠨᠢᠭᠡᠴᠢ ᠶᠢ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠤᠳᠤᠷᠢᠳᠬᠤ ᠳᠤᠭᠤᠶᠢᠯᠠᠩ ᠤᠨ ᠠᠯᠪᠠᠨ ᠭᠡᠷ ︶ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠴᠣᠯᠠ ᠶᠢ ᠨᠢ ᠬᠦᠴᠦᠨ ᠦᠭᠡᠢ ᠪᠣᠯᠭᠠᠬᠤ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠂ ᠱᠠᠩᠨᠠᠯ  ᠤᠨ ᠮᠧᠳᠠᠯ ᠂ ᠦᠨᠡᠮᠯᠡᠯ ᠢ ᠨᠢ ᠬᠤᠷᠢᠶᠠᠨ ᠠᠪᠴᠤ ᠂ ᠲᠤᠰᠠᠯᠠᠮᠵᠢ ᠶᠢᠨ ᠪᠡᠯᠡ ᠮᠥᠩᠭᠦ ᠶᠢ ᠨᠡᠬᠡᠮᠵᠢᠯᠡᠨ ᠬᠤᠷᠢᠶᠠᠵᠤ ᠂ ᠨᠡᠶᠢᠭᠡᠮ ᠳᠤ ᠠᠯᠪᠠᠨ ᠵᠠᠷᠯᠠᠯ ᠨᠡᠶᠢᠲᠡᠯᠡᠵᠦ ᠂ 5 ᠵᠢᠯ ᠤᠨ ᠬᠤᠭᠤᠴᠠᠭᠠᠨ ᠳᠤ ᠲᠡᠭᠦᠨ ᠤ ᠭᠤᠶᠤᠴᠢᠯᠠᠵᠤ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠃

      ᠬᠤᠷᠢᠨ ᠳᠥᠷᠪᠡᠳᠦᠭᠡᠷ ᠵᠦᠢᠯ   ᠱᠠᠩᠨᠠᠯ ᠣᠯᠣᠭᠰᠠᠨ ᠨᠢᠭᠡᠴᠢ ᠨᠢ ᠱᠠᠩᠨᠠᠯ ᠣᠯᠣᠭᠰᠠᠨ ᠤ ᠳᠠᠷᠠᠭᠠᠬᠢ 3 ᠵᠢᠯ ᠤᠨ ᠬᠤᠭᠤᠴᠠᠭᠠᠨ ᠳᠤ ᠶᠠᠰᠤ ᠴᠢᠨᠠᠷ ᠤᠨ ᠪᠠ ᠠᠮᠤᠷ ᠲᠦᠪᠰᠢᠨ ᠤ ᠨᠡᠯᠢᠶᠡᠳ ᠶᠡᠭᠡ ᠠᠳᠡᠯ ᠭᠠᠷᠤᠭᠰᠠᠨ ᠂ ᠡᠰᠡᠬᠦᠯ᠎ᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠲᠠᠢ ᠪᠠᠶᠢᠪᠠᠯ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠠᠴᠠ ᠱᠠᠩᠨᠠᠯ ᠢ ᠨᠢ ᠬᠦᠴᠦᠨ ᠦᠭᠡᠢ ᠪᠣᠯᠭᠠᠬᠤ ᠪᠠᠷ ᠥᠪᠡᠷᠲᠡᠭᠡᠨ ᠵᠠᠰᠠᠭ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠬᠦ ᠶᠢᠨ ᠬᠠᠮᠲᠤ ᠨᠡᠪᠲᠡᠷᠡᠭᠦᠯᠦᠨ ᠮᠡᠳᠡᠭᠡᠯᠡᠨ᠎ᠡ ᠃

      ᠬᠤᠷᠢᠨ ᠲᠠᠪᠤᠳᠤᠭᠠᠷ ᠵᠦᠢᠯ   ᠱᠠᠩᠨᠠᠯ ᠣᠯᠣᠭᠰᠠᠨ ᠨᠢᠭᠡᠴᠢ ᠨᠢ ᠨᠢᠭᠡᠴᠢ ᠶᠢᠨ ᠢᠶᠠᠨ ᠳᠦᠷᠢ ᠲᠥᠷᠬᠦ ᠶᠢᠨ ᠤᠬᠠᠭᠤᠯᠭ᠎ᠠ ᠳᠤ ᠱᠠᠩᠨᠠᠯ ᠤᠨ ᠴᠣᠯᠠ ᠶᠢ ᠬᠡᠷᠡᠭᠯᠡᠵᠦ ᠪᠣᠯᠬᠤ ᠶᠢᠨ ᠬᠠᠮᠲᠤ ᠂ ᠱᠠᠩᠨᠠᠯ ᠣᠯᠣᠭᠰᠠᠨ ᠣᠨ ᠵᠢᠯ ᠢᠶᠠᠨ ᠲᠣᠳᠣᠷᠬᠠᠶᠢᠯᠠᠨ᠎ᠠ ᠂ ᠭᠡᠪᠡᠴᠦ ᠦᠢᠯᠡᠳᠬᠦᠨ ᠢᠶᠠᠨ ᠤᠬᠠᠭᠤᠯᠬᠤ ᠳᠤ ᠬᠡᠷᠡᠭᠯᠡᠵᠦ ᠪᠣᠯᠬᠤ ᠦᠭᠡᠢ ᠂ ᠦᠢᠯᠡᠳᠬᠦᠨ ᠪᠤᠶᠤ ᠪᠣᠭᠤᠳᠠᠯ ᠳᠡᠭᠡᠷ᠎ᠡ ᠪᠠᠨ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠲᠡᠮᠳᠡᠭ ᠪᠠ ᠱᠠᠩᠨᠠᠯ ᠤᠨ ᠴᠣᠯᠠ ᠶᠢ ᠬᠠᠳᠠᠵᠤ ᠪᠣᠯᠬᠤ ᠦᠭᠡᠢ ᠃

      ᠬᠤᠷᠢᠨ ᠵᠢᠷᠭᠤᠳᠤᠭᠠᠷ ᠵᠦᠢᠯ   ᠱᠠᠩᠨᠠᠯ ᠣᠯᠣᠭᠰᠠᠨ ᠨᠢᠭᠡᠴᠢ ᠨᠢ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠪᠠ ᠠᠷᠭ᠎ᠠ ᠠᠪᠴᠠᠯ ᠢᠶᠠᠨ ᠨᠡᠶᠢᠭᠡᠮ ᠳᠤ ᠳᠡᠯᠭᠡᠷᠡᠭᠦᠯᠬᠦ ᠡᠭᠦᠷᠭᠡ ︵ ᠬᠤᠳᠠᠯᠳᠤᠭᠠᠨ ᠤ ᠨᠢᠭᠤᠴᠠ ᠳᠤ ᠬᠤᠯᠪᠣᠭᠳᠠᠬᠤ ᠠᠴᠠ ᠭᠠᠳᠠᠨ᠎ᠠ ︶ ᠪᠠᠨ ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠳᠡᠯᠭᠡᠷᠡᠭᠦᠯᠬᠦ ᠂ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠡᠷᠡᠭᠲᠡᠢ ᠃ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ ᠂ ᠵᠢᠱᠢᠶᠡᠴᠢ ᠶᠢᠨ ᠳᠠᠶᠢᠴᠢᠯᠠᠬᠤ ᠦᠢᠯᠡᠳᠦᠯ  ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠃

      ᠬᠤᠷᠢᠨ ᠳᠣᠯᠣᠳᠤᠭᠠᠷ ᠵᠦᠢᠯ   ᠱᠠᠩᠨᠠᠯ ᠣᠯᠣᠭᠰᠠᠨ ᠨᠢᠭᠡᠴᠢ ᠨᠢ ᠱᠠᠩᠨᠠᠯ ᠣᠯᠣᠭᠰᠠᠨ 3 ᠵᠢᠯ ᠤᠨ ᠬᠤᠭᠤᠴᠠᠭᠠᠨ ᠳᠤ ᠂ ᠵᠢᠯ ᠪᠦᠷᠢ ︽ ᠥᠪᠡᠷᠲᠡᠭᠡᠨ ᠵᠠᠰᠠᠭ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ︾ ᠶᠢ ᠦᠨᠡᠨ ᠮᠥᠨ ᠢᠶᠠᠷ ᠲᠠᠭᠯᠠᠵᠤ ᠂ ᠥᠪᠡᠷᠲᠡᠭᠡᠨ ᠵᠠᠰᠠᠭ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠳᠤ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ ᠃

      ᠬᠤᠷᠢᠨ ᠨᠠᠢᠮᠠᠳᠤᠭᠠᠷ ᠵᠦᠢᠯ   ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠮᠧᠳᠠᠯ ᠂ ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ ᠂ ᠶᠠᠮᠠᠷᠪᠠ ᠨᠢᠭᠡᠴᠢ ᠭᠡᠳ ᠬᠤᠳᠠᠯ ᠢᠶᠠᠷ ᠵᠣᠬᠢᠶᠠᠬᠤ ᠪᠠ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ ᠃

      ᠳᠣᠯᠣᠳᠤᠭᠠᠷ ᠪᠦᠯᠦᠭ   ᠳᠠᠭᠠᠯᠳᠤᠭᠤᠯᠤᠯ ᠳᠦᠷᠢᠮ

      ᠬᠤᠷᠢ ᠶᠢᠰᠦᠳᠦᠭᠡᠷ ᠵᠦᠢᠯ   ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2019 ﹈ 7 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

 

      ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃

      ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃

 

                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                       2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ