︽ᠦᠵᠡᠯ ᠰᠠᠨᠠᠭ᠎ᠠ ᠶᠢ ᠰᠤᠷᠤᠯᠴᠠᠨ ᠨᠠᠮᠴᠢ ᠴᠢᠨᠠᠷ ᠢᠶᠠᠨ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠨ ᠰᠢᠨ᠎ᠡ ᠭᠠᠪᠢᠶ᠎ᠠ ᠪᠠᠶᠢᠭᠤᠯᠤᠶ᠎ᠠ︾  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠢᠳᠬᠠᠯ ᠦᠭᠡ ᠶᠢ ᠬᠦᠯᠢᠶᠡᠨ ᠠᠪᠴᠤ ᠰᠣᠨᠣᠰᠤᠨ ᠳᠣᠷᠣᠭᠰᠢ ᠭᠦᠨᠵᠡᠭᠡᠶᠢᠷᠡᠨ ᠬᠦᠴᠢᠷ ᠠᠰᠠᠭᠤᠳᠠᠯ ᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2023/6/7

      ︽ᠬᠥᠮᠥᠨ ᠤ ᠵᠢᠰᠦ ᠶᠢ ᠢᠯᠭᠠᠨ ᠲᠠᠨᠢᠬᠤ ᠳᠤ 2 ᠰᠧᠺᠦ᠋ᠨ᠋ᠳ᠋ ᠂ ᠡᠯᠧᠺᠲᠷᠣᠨ ᠭᠠᠷ ᠤᠨ ᠦᠰᠦᠭ ᠵᠢᠷᠤᠬᠤ ᠳᠤ 3 ᠰᠧᠺᠦ᠋ᠨ᠋ᠳ᠋ ᠬᠡᠷᠡᠭᠰᠡᠵᠦ ᠂ 20 ᠮᠢᠨᠦ᠋ᠲ ᠪᠣᠯᠣᠯ ᠦᠭᠡᠢ ᠪᠠᠷ ᠬᠤᠪᠢ ᠬᠦᠮᠦᠨ ᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠢ ᠥᠪᠡᠰᠦᠪᠡᠨ ᠭᠤᠶᠤᠴᠢᠯᠠᠨ ᠮᠡᠳᠡᠭᠦᠯᠬᠦ ᠂ ᠭᠤᠶᠤᠴᠢᠯᠠᠨ ᠪᠠᠶᠢᠭᠤᠯᠬᠤ ᠂ ᠬᠢᠨᠠᠨ ᠵᠥᠪᠰᠢᠶᠡᠷᠡᠬᠦ ᠵᠡᠷᠭᠡ ᠡᠯᠧᠺᠲᠷᠣᠨᠴᠢᠯᠡᠨ ᠳᠠᠩᠰᠠᠯᠠᠬᠤ ᠪᠦᠬᠦ ᠶᠠᠪᠤᠴᠠ ᠶᠢ ᠪᠡᠶᠡᠯᠡᠭᠦᠯᠴᠢᠬᠡᠨ᠎ᠡ︾ 5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ ᠂ ︽ᠭᠠᠵᠠᠷ ᠤᠨ ᠳᠠᠷᠤᠭ᠎ᠠ ᠴᠣᠪᠣᠷᠠᠯ ᠢ ᠭᠦᠢᠴᠡᠳᠬᠡᠬᠦ ︾ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠂ ᠡᠯ᠎ᠡ ᠭᠠᠵᠠᠷ ᠲᠠᠰᠤᠭ ᠲᠣᠪᠴᠢᠶ᠎ᠠ ᠶᠢᠨ ᠳᠠᠷᠤᠭ᠎ᠠ ᠨᠠᠷ ᠳᠡᠯᠭᠡᠴᠡ ᠶᠢ ᠠᠩᠬᠠᠷᠤᠯ ᠢᠶᠠᠨ ᠲᠥᠪᠯᠡᠷᠡᠭᠦᠯᠦᠨ ᠠᠵᠢᠭᠯᠠᠵᠤ ᠂ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠭᠤᠯᠬᠤ ᠭᠤᠭᠴᠤᠭ᠎ᠠ ᠨᠢᠭᠡ ᠪᠦᠷᠢ ᠶᠢ ᠭᠡᠷᠡᠴᠢᠯᠡᠪᠡ ᠃

      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ ᠂ ᠦᠢᠯᠡᠳᠦᠯᠭᠡᠵᠢᠭᠦᠯᠬᠦ ᠂ ᠤᠯᠠᠷᠢᠭᠤᠯᠬᠤ ᠠᠵᠢᠯ ᠢ ᠭᠦᠨᠵᠡᠭᠡᠢ ᠥᠷᠨᠢᠭᠦᠯᠵᠦ ᠂ ᠤᠨᠤᠯ ᠰᠤᠷᠤᠯᠴᠠᠬᠤ ᠂ ᠪᠠᠶᠢᠴᠠᠭᠠᠨ ᠰᠤᠳᠤᠯᠤᠯᠲᠠ ᠬᠢᠬᠦ ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ ᠃ ︽ ᠶᠡᠭᠡ ᠵᠠᠬ᠎ᠠ ᠳᠡᠯᠭᠡᠭᠦᠷ ᠢ ᠪᠠᠶᠢᠭᠤᠯᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ︾ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭ ᠢ ᠡᠭᠦᠳᠴᠦ ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠨ ᠂ ︽ ᠦᠵᠡᠯ ᠰᠠᠨᠠᠭ᠎ᠠ ᠪᠠᠷ ᠬᠥᠭᠵᠢᠯᠲᠡ ᠶᠢ ᠬᠥᠲᠥᠯᠥᠨ ᠳᠠᠭᠠᠭᠤᠯᠵᠤ ᠪᠦᠰᠡᠯᠡᠯᠲᠡ ᠶᠢ ᠰᠢᠪᠲᠤᠯᠬᠤ ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠳᠠᠮᠵᠢᠭᠤᠯᠵᠤ ᠂ ᠭᠦᠨᠵᠡᠭᠡᠢ ᠰᠤᠷᠤᠯᠴᠠᠨ ᠭᠦᠨᠵᠡᠭᠡᠢ ᠣᠶᠢᠯᠠᠭᠠᠬᠤ ᠳᠤᠮᠳᠠ ᠤᠨᠤᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠ ᠃

      ︽ᠬᠥᠭᠵᠢᠯᠲᠡ ᠳᠤ ᠰᠠᠭᠤᠷᠢᠯᠠᠨ ᠬᠢᠨᠠᠯᠲᠠ ᠬᠠᠮᠢᠶᠠᠷᠤᠯᠲᠠ ᠶᠢ ᠠᠳᠬᠤᠬᠤ ᠂ ᠬᠢᠨᠠᠯᠲᠠ ᠲᠠᠯᠪᠢᠬᠤ ᠶᠢ ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ ᠂ ᠣᠯᠠᠨ ᠲᠦᠮᠡᠨ ᠪᠣᠯᠣᠨ ᠡᠵᠡᠩᠨᠡᠯᠲᠡ ᠶᠢᠨ ᠭᠤᠣᠯ ᠴᠣᠭᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠭᠡᠷᠡᠭᠲᠡᠢ ︾ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠦ᠋ ᠵᠧᠨ ᠴᠢᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠲᠣᠭᠤᠷᠢᠨ ᠵᠢᠯᠤᠭᠤᠳᠬᠤ ᠳᠤᠭᠤᠶᠢᠯᠠᠩ ᠤᠨ ᠲᠠᠪᠤᠳᠤᠭᠠᠷ ᠳᠤᠭᠤᠶᠢᠯᠠᠩ ᠤᠨ ᠳᠠᠷᠤᠭ᠎ᠠ ᠳ᠋ᠢ ᠷᠦᠢ ᠵᠧᠨ ᠂ ᠠᠳᠠᠯᠢ ᠪᠤᠰᠤ ᠬᠦᠷᠢᠶ᠎ᠡ ᠠᠴᠠ ᠢᠷᠡᠭᠰᠡᠨ ᠂ ᠠᠳᠠᠯᠢ ᠪᠤᠰᠤ ᠬᠡᠪᠴᠢᠶᠡᠨ ᠤ ᠵᠢᠵᠢᠭ ᠪᠢᠴᠢᠯ ᠠᠵᠤ ᠠᠬᠤᠶᠢᠯᠠᠯ ᠂ ᠬᠤᠪᠢ ᠬᠦᠮᠦᠨ ᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ 14 ᠲᠥᠯᠥᠭᠡᠯᠡᠭᠴᠢ ᠲᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠂ ᠡᠷᠬᠡ ᠪᠠᠨ ᠬᠠᠮᠠᠭᠠᠯᠠᠬᠤ ᠂ ᠣᠪᠣᠷ ᠰᠤᠷᠲᠠᠯ ᠤᠨ ᠪᠠᠶᠢᠭᠤᠯᠤᠯᠲᠠ ᠵᠢᠴᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯᠴᠢᠨ ᠡᠯᠰᠡᠨ ᠬᠡᠷᠡᠭᠯᠡᠬᠦ ᠵᠡᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠂ ᠦᠨᠡᠨ ᠪᠣᠳᠠᠲᠠᠢ ᠪᠠᠷ ᠬᠠᠷᠢᠭᠤᠯᠲᠠ ᠥᠭᠴᠡᠢ ᠃

      ︽ ᠠᠵᠤ ᠠᠬᠤᠶᠢᠯᠠᠯ ᠳᠤ ᠶᠠᠭᠤ ᠬᠡᠷᠡᠭ ᠲᠠᠢ ᠪᠣᠯ ᠪᠢᠳᠡ ᠶᠠᠭᠤ ᠬᠢᠵᠦ ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠢᠶᠠᠨ ᠶᠠᠪᠤᠳᠠᠯ ᠢᠶᠠᠷ ᠦᠵᠡᠨ ᠂ ᠰᠡᠳᠬᠢᠯ ᠬᠠᠨᠤᠮᠵᠢᠲᠠᠶ ᠰᠢᠢᠳᠪᠦᠷᠢᠯᠡᠵᠦ ᠥᠭᠭᠦᠨ᠎ᠡ︾ ᠭᠡᠵᠦ ᠦ᠋ ᠵᠧᠨ ᠴᠢᠩ ᠴᠢᠬᠤᠯᠠᠴᠢᠯᠠᠬᠤ ᠳᠤ ᠪᠠᠨ ᠂ ᠢᠳᠬᠠᠯ ᠦᠭᠡ ᠶᠢ ᠬᠦᠯᠢᠶᠡᠨ ᠠᠪᠴᠤ ᠰᠣᠨᠣᠰᠤᠨ ᠳᠣᠷᠣᠭᠰᠢ ᠭᠦᠨᠵᠡᠭᠡᠶᠢᠷᠡᠵᠦ ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ ᠂ ᠡᠨᠡ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠤ ᠠᠵᠤ ᠠᠬᠤᠶᠢᠯᠠᠯ ᠂ ᠠᠵᠤ ᠦᠢᠯᠡᠰ ᠲᠤ ᠬᠡᠷᠬᠢᠨ ᠨᠡᠩ ᠰᠠᠶᠢᠨ ᠦᠢᠯᠡᠴᠢᠯᠡᠬᠦ ᠂ ᠴᠢᠨᠠᠷ ᠰᠠᠶᠢᠲᠠᠢ ᠬᠥᠭᠵᠢᠯᠲᠡ ᠳᠤ ᠬᠡᠷᠬᠢᠨ ᠨᠡᠩ ᠰᠠᠶᠢᠨ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠬᠦ ᠴᠢᠬᠤᠯᠠ ᠠᠷᠭ᠎ᠠ ᠵᠠᠮ ᠪᠣᠯᠣᠨ᠎ᠠ ᠂ ᠮᠦᠨ ᠴᠦ ᠭᠤᠣᠯ ᠰᠡᠳᠦᠪᠲᠦ ᠬᠥᠮᠦᠵᠢᠯ ᠢ ᠶᠡᠭᠡ ᠪᠠᠷ ᠦᠷᠨᠢᠭᠦᠯᠵᠦ ᠪᠠᠶᠢᠴᠠᠭᠠᠨ ᠰᠤᠳᠤᠯᠤᠯᠲᠠ ᠬᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ ᠭᠡᠵᠡᠢ ᠃

      ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠵᠢᠶᠠ ᠲᠦᠩ ᠮᠠᠰᠢᠨ ᠲᠡᠷᠭᠡ ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ ᠮᠡᠳᠡᠭᠳᠡᠨ ᠠᠮᠠᠯᠳᠠᠬᠤ ᠬᠡᠯᠪᠡᠷᠢ ᠪᠠᠷ ᠬᠢᠷᠢ ᠬᠡᠮ ᠢ ᠮᠠᠭᠠᠳᠯᠠᠨ ᠲᠣᠭᠲᠠᠭᠠᠭᠰᠠᠨ ᠦᠨᠡᠮᠯᠡᠯ ᠣᠯᠵᠤ᠂ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠥᠷᠨᠢᠭᠦᠯᠦᠭᠡᠳ ᠬᠠᠭᠠᠰ ᠵᠢᠯ ᠪᠣᠯᠤᠭ᠎ᠠ ᠦᠭᠡᠢ ᠬᠤᠭᠤᠴᠠᠭᠠᠨ ᠳᠤ ᠂ ᠤᠷᠢᠳ ᠬᠤᠵᠢᠳ ᠬᠤᠶᠠᠷ ᠤᠳᠠᠭ᠎ᠠ ᠲᠤᠬᠠᠢ ᠶᠢᠨ ᠲᠠᠯᠠᠪᠤᠷ ᠤᠨ ᠪᠠᠶᠢᠴᠠᠭᠠᠨ ᠰᠢᠯᠭᠠᠬᠤ ᠠᠵᠢᠯᠲᠠᠨ ᠤ ᠮᠡᠷᠭᠡᠵᠢᠯ ᠤᠨ ᠠᠯᠳᠠᠰᠢ ᠠᠴᠠ ᠪᠣᠯᠵᠤ ᠢᠯᠡᠴᠢᠯᠡᠨ ᠵᠠᠭᠠᠯᠳᠤᠭᠳᠠᠵᠤ ᠪᠠᠶᠢᠴᠠᠭᠠᠭᠳᠠᠭᠰᠠᠨ ᠪᠠᠶᠢᠨ᠎ᠠ ᠃ ᠲᠣᠰ ᠺᠣᠮᠫᠠᠨᠢ ᠶᠢᠨ ᠬᠠᠷᠢᠭᠤᠴᠠᠯᠭᠠᠲᠠᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠣᠯᠠᠨᠲᠠ ᠢᠷᠡᠵᠦ ᠪᠠᠶᠢᠳᠠᠯ ᠢ ᠲᠤᠰᠬᠠᠭᠰᠠᠨ ᠳᠤ ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠢᠭᠡ ᠲᠠᠯ᠎ᠠ ᠪᠠᠷ ᠬᠦᠯᠢᠴᠡᠩᠭᠦᠢ ᠪᠠᠷ ᠨᠠᠷᠢᠨ ᠨᠢᠮᠪᠠᠢ ᠶᠠᠷᠢᠯᠴᠠᠨ ᠣᠶᠢᠯᠠᠭᠠᠵᠤ ᠂ ᠰᠢᠢᠳᠬᠡᠯ ᠤᠨ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠲᠣᠳᠣᠷᠬᠠᠢ ᠬᠡᠯᠡᠵᠦ ᠥᠭᠴᠡᠢ ᠃ ᠨᠥᠭᠦᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠮᠡᠷᠭᠡᠵᠢᠯ ᠤᠨ ᠠᠵᠢᠯᠲᠠᠨ ᠲᠣᠬᠢᠷᠠᠭᠤᠯᠵᠤ ᠂ ᠲᠣᠰ ᠺᠣᠮᠫᠠᠨᠢ ᠶᠢᠨ ᠰᠢᠯᠭᠠᠨ ᠪᠠᠶᠢᠴᠠᠭᠠᠬᠤ ᠠᠵᠢᠯᠲᠠᠨ ᠢ ᠦᠨ᠎ᠡ ᠲᠥᠯᠥᠪᠦᠷᠢ ᠦᠭᠡᠢ ᠪᠠᠷ ᠵᠢᠯᠣᠭᠤᠳᠤᠨ ᠪᠣᠯᠪᠠᠰᠤᠷᠠᠭᠤᠯᠵᠤ ᠂ ᠠᠵᠢᠯᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ ᠂ ᠲᠡᠳᠡᠨ ᠢ ᠬᠠᠪᠰᠤᠷᠤᠨ ᠴᠡᠭᠴᠡᠯᠡᠨ ᠰᠠᠶᠢᠵᠢᠷᠠᠭᠤᠯᠬᠤ ᠶᠢ ᠲᠦᠷᠭᠡᠨ ᠪᠡᠶᠡᠯᠡᠭᠦᠯᠵᠦ ᠥᠭᠴᠡᠢ᠃ ︽ᠬᠢᠨᠠᠨ ᠬᠠᠮᠢᠶᠠᠷᠤᠯᠲᠠ ᠳᠤ ᠡᠷᠴᠢᠮ ᠲᠠᠢ ᠂ ᠦᠢᠯᠡᠴᠢᠯᠡᠭᠡ ᠳᠤ ᠬᠠᠯᠠᠮᠵᠢᠯᠠᠯ ᠲᠠᠢ︾ ᠣᠨᠣᠯᠵᠢᠬᠤᠨ ᠢ ᠪᠠᠷᠢᠮᠲᠠᠯᠠᠵᠤ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠦᠴᠢᠷ ᠠᠰᠠᠭᠤᠳᠠᠯ ᠢ ᠰᠢᠢᠳᠪᠦᠷᠢᠯᠡᠬᠦ ᠂ ᠬᠥᠭᠵᠢᠯᠲᠡ ᠶᠢ ᠠᠬᠢᠭᠤᠯᠬᠤ ᠂ ᠪᠣᠳᠠᠲᠤ ᠶᠠᠪᠤᠳᠠᠯ ᠬᠢᠬᠦ ᠂ ᠠᠷᠠᠳ ᠤᠨ ᠵᠣᠪᠠᠨᠢᠯ ᠢ ᠲᠠᠶᠢᠯᠬᠤ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠰᠢᠯᠭᠠᠨ ᠪᠠᠶᠢᠴᠠᠭᠠᠵᠤ ᠪᠠᠶᠢᠨ᠎ᠠ ᠃

      ︽ ᠥᠩᠭᠡᠷᠡᠭᠰᠡᠨ ᠤ ᠳᠠᠩ ᠴᠤᠯᠭᠤᠢ ᠰᠡᠳᠬᠢᠬᠦᠢ ᠶᠢ ᠡᠪᠳᠡᠵᠦ ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠨ ᠂ ᠤᠬᠠᠮᠰᠠᠷ ᠠᠴᠠ ᠪᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠂ ᠲᠤᠰ ᠭᠠᠵᠠᠷ ᠲᠠᠰᠤᠭ ᠤᠨ ᠢᠶᠠᠨ ᠠᠵᠢᠯ ᠢ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠲᠠᠯᠪᠢᠵᠤ ᠰᠡᠳᠬᠢᠨ ᠪᠣᠳᠣᠯᠬᠢᠯᠠᠵᠤ ᠲᠦᠯᠦᠪᠯᠡᠨ᠎ᠡ ᠃ ᠬᠦᠮᠦᠨ ᠪᠦᠬᠦᠨ ᠠᠭᠤᠰᠤᠯᠴᠠᠨ ᠨᠢᠭᠡᠳᠴᠦ ᠬᠠᠷᠢᠯᠴᠠᠨ ᠡᠶ᠎ᠡ ᠪᠦᠯᠬᠦᠮᠳᠡᠯ ᠲᠠᠢ ᠠᠭᠤᠷ ᠠᠮᠢᠰᠬᠤᠯ ᠡᠳᠦᠷ ᠢᠷᠡᠬᠦᠶ᠎ᠡ ᠪᠦᠷᠢᠯᠳᠦᠵᠦ ᠪᠠᠶᠢᠨ᠎ᠠ᠃ ︾ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠢ ᠲᠥᠯᠦᠪᠵᠢᠭᠦᠯᠭᠡ ᠶᠢᠨ ᠭᠠᠵᠠᠷ ᠤᠨ ᠵᠧᠦ ᠱᠤ᠋ ᠹᠧᠩ ᠤᠳᠠᠭ᠎ᠠ ᠪᠦᠷᠢ ᠶᠢᠨ ᠰᠤᠷᠤᠯᠴᠠᠯᠭ᠎ᠠ ᠂ ᠶᠠᠷᠢᠯᠴᠠᠯᠭ᠎ᠠ ᠂ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠴᠥᠮ ᠭᠦᠨᠵᠡᠭᠡᠢ ᠣᠶᠢᠯᠠᠭᠠᠯᠲᠠ ᠲᠦᠷᠦᠭᠳᠡᠯ  ᠲᠠᠢ ᠪᠣᠯᠪᠠ ᠃

      ︽ ᠺᠣᠮᠫᠠᠨᠢ ᠪᠠᠶᠢᠭᠤᠯᠬᠤ ᠶᠠᠪᠤᠳᠠᠯ ᠶᠡᠭᠡ ᠤᠷᠤᠭᠰᠢᠲᠠᠢ ᠪᠠᠶᠢᠨ᠎ᠠ ︾ ᠭᠡᠵᠦ ᠲᠤᠰ ᠡᠳᠦᠷ ᠲᠤ ᠪᠠᠨ ᠨᠡᠷᠡᠶᠢᠳᠦᠯ ᠤᠨ ᠬᠢᠨᠠᠨ ᠵᠥᠪᠰᠢᠶᠡᠷᠡᠯ ᠣᠯᠣᠭᠰᠠᠨ ᠰᠠᠨ ᠰᠢᠶᠠ ᠯᠦ ᠱᠠᠩ ᠰᠢᠨ᠎ᠡ ᠡᠨᠧᠷᠭᠢ ᠶᠢᠨ ᠰᠤᠷᠪᠤᠯᠵᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠡᠳᠬᠢᠯ ᠳᠣᠭᠳᠤᠯᠤᠨ ᠬᠡᠯᠡᠵᠦ ᠪᠠᠶᠢᠯ᠎ᠠ ᠃ ᠺᠣᠮᠫᠠᠨᠢ ᠨᠢ ᠡᠵᠡᠩᠨᠡᠯᠲᠡ ᠶᠢᠨ ᠬᠡᠷᠡᠭᠴᠡᠭᠡ ᠠᠴᠠ ᠪᠣᠯᠵᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠦᠭᠡᠢ ᠨᠡᠷᠡᠶᠢᠳᠦᠯ ᠪᠣᠯᠭᠠᠨ ᠬᠤᠪᠢᠷᠠᠭᠤᠯᠬᠤ ᠪᠠᠷ ᠲᠥᠯᠥᠪᠯᠡᠭᠰᠡᠨ ᠪᠣᠯᠪᠠᠴᠤ ᠨᠡᠷᠡᠶᠢᠳᠦᠯ ᠢᠶᠠᠨ ᠬᠤᠪᠢᠷᠠᠭᠤᠯᠬᠤ ᠭᠤᠶᠤᠴᠢᠯᠠᠯ ᠤᠨ ᠶᠠᠪᠤᠴᠠ ᠳᠤ ᠬᠠᠷᠰᠢ ᠰᠠᠭᠠᠳ ᠲᠤ ᠤᠴᠠᠷᠠᠪᠠ ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠢ ᠳᠤ ᠨᠢ ᠮᠥᠷᠳᠡᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠡᠬᠢᠯᠡᠭᠦᠯᠦᠨ ᠂ ︽ ᠨᠢᠭᠡᠳ ᠨᠢᠭᠡ ᠪᠠᠷ ᠳᠠᠭᠠᠭᠠᠨ ᠠᠪᠬᠤ ︾ ᠲᠤᠰᠬᠠᠢ ᠵᠦᠢᠯ ᠢᠶᠠᠷ ᠬᠠᠪᠰᠤᠷᠤᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠢᠭᠠᠪᠤᠷᠢ ᠠᠪᠴᠤ ᠢᠳᠡᠪᠬᠢᠲᠡᠢ ᠵᠣᠬᠢᠴᠠᠭᠤᠯᠤᠨ ᠂ ᠠᠵᠤ ᠠᠬᠤᠶᠢᠯᠠᠯ ᠢ ᠬᠠᠪᠰᠤᠷᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠦᠭᠡᠢ ᠨᠡᠷᠡᠶᠢᠳᠦᠯ ᠢ ᠬᠢᠨᠠᠨ ᠵᠥᠪᠰᠢᠶᠡᠷᠡᠬᠦ ᠶᠠᠪᠤᠳᠠᠯ ᠢ ᠤᠷᠤᠭᠰᠢᠲᠠᠢ ᠪᠡᠶᠡᠯᠡᠭᠦᠯᠪᠡ ᠃

      ᠭᠤᠣᠯ ᠰᠡᠳᠦᠪᠲᠦ ᠬᠥᠮᠦᠵᠢᠯ ᠤᠨ ᠳᠤᠮᠳᠠ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠵᠡᠩᠨᠡᠯᠲᠡ ᠶᠢᠨ ᠭᠤᠣᠯ ᠴᠣᠭᠴᠠ ᠪᠣᠯᠣᠨ ᠤᠯᠠᠨ ᠲᠦᠮᠡᠨ ᠤ ᠲᠤᠰᠬᠠᠭᠰᠠᠨ ᠲᠦᠪᠡᠭᠲᠡᠢ ᠤᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠦᠴᠢᠷ ᠠᠰᠠᠭᠤᠳᠠᠯ ᠢ ᠰᠢᠢᠳᠪᠦᠷᠢᠯᠡᠬᠦ ᠂ ᠪᠤᠲᠠᠲᠤ ᠶᠠᠪᠤᠳᠠᠯ ᠬᠢᠬᠦ ᠪᠠ ᠬᠥᠭᠵᠢᠯᠲᠡ ᠶᠢ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠬᠢᠨᠠᠨ ᠵᠥᠪᠰᠢᠶᠡᠷᠡᠬᠦ ᠦᠢᠯᠡᠴᠢᠯᠡᠭᠡ ᠪᠠᠨ ᠰᠢᠯᠢᠳᠡᠭᠵᠢᠭᠦᠯᠦᠨ ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠᠨ ᠵᠢᠷᠤᠮᠵᠢᠭᠤᠯᠵᠤ ᠂ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠵᠢᠵᠢᠭ ᠪᠢᠴᠢᠯ ᠠᠵᠤ ᠠᠬᠤᠶᠢᠯᠠᠯ ᠂ ᠬᠤᠪᠢ ᠬᠦᠮᠦᠨ ᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠥᠭᠵᠢᠯᠲᠡ ᠪᠤᠶᠢᠵᠢᠯᠲᠠ ᠶᠢ ᠲᠡᠳᠬᠦᠬᠦ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠪᠡ ᠃ ᠥᠨᠳᠥᠷ ᠪᠦᠲᠦᠮᠵᠢᠲᠡᠶ ᠪᠣᠳᠠᠲᠠᠢ ᠶᠢ ᠡᠷᠬᠢᠮᠯᠡᠭᠰᠡᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠵᠢᠯᠣᠭᠤᠳᠤᠯᠭ᠎ᠠ ᠳᠣᠣᠷ᠎ᠠ ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ ᠪᠥᠬᠦ ᠣᠷᠣᠨ ᠤ ᠡᠵᠡᠩᠨᠡᠯᠲᠡ ᠶᠢᠨ ᠭᠤᠣᠯ ᠴᠣᠭᠴᠠ 261.7 ᠲᠦᠮᠡᠨ ᠡᠷᠦᠬᠡ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ ᠃ ᠡᠨᠡ ᠵᠢᠯ ᠤᠨ 1 — 5 ᠳ᠋ᠤᠭᠠᠷ ᠰᠠᠷ᠎ᠠ ᠳᠤ ᠂ ᠪᠥᠬᠦ ᠣᠷᠣᠨ ᠳᠤ ᠡᠵᠡᠩᠨᠡᠯᠲᠡ ᠶᠢᠨ ᠭᠤᠣᠯ ᠴᠣᠭᠴᠠ ᠶᠢ 18.58 ᠲᠦᠮᠡᠨ ᠡᠷᠦᠬᠡ ᠰᠢᠨ᠎ᠡ ᠪᠠᠷ ᠪᠠᠶᠢᠭᠤᠯᠵᠤ ᠂ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠨ ᠂ ᠡᠵᠡᠩᠨᠡᠯᠲᠡ ᠶᠢᠨ ᠭᠤᠣᠯ ᠴᠣᠭᠴᠠ ᠶᠢ ᠳᠤᠮᠳᠠᠴᠢ ᠪᠠᠷ ᠡᠳᠦᠷ ᠪᠦᠷᠢ 1238 ᠡᠷᠦᠬᠡ ᠰᠢᠨ᠎ᠡ ᠪᠠᠷ ᠪᠠᠶᠢᠭᠤᠯᠪᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ