ᠥᠪᠥᠷ ᠮᠣᠩᠭᠤᠯ ᠤᠨ ᠶᠡᠭᠡ ᠰᠤᠷᠭᠠᠭᠤᠯᠢ ᠭᠤᠣᠯ ᠰᠡᠳᠦᠪᠲᠦ ᠬᠥᠮᠦᠵᠢᠯ ᠬᠢᠭᠡᠳ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠵᠡᠷᠭᠡ ᠪᠠᠷ ᠠᠳᠬᠤᠵᠤ ᠪᠦᠭᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2023/7/12

      ᠣᠶᠢᠷ᠎ᠠ ᠳᠤ ᠂ ᠥᠪᠥᠷ ᠮᠣᠩᠭᠤᠯ ᠤᠨ ᠶᠡᠭᠡ ᠰᠤᠷᠭᠠᠭᠤᠯᠢ ︽ ᠰᠡᠳᠬᠢᠯ ᠲᠠᠯᠪᠢᠨ ᠰᠣᠨᠣᠰᠴᠤ ᠪᠤᠳᠤᠯ ᠰᠠᠨᠠᠯ ᠢᠶᠠᠨ ᠬᠤᠪᠢᠶᠠᠯᠴᠠᠬᠤ ︾ ᠰᠤᠷᠭᠠᠭᠤᠯᠢ ᠶᠢᠨ ᠤᠳᠤᠷᠢᠳᠤᠯᠭ᠎ᠠ ᠶᠢᠨ ᠭᠥᠯᠢᠶᠡᠨ ᠠᠪᠴᠤ ᠠᠭᠤᠯᠵᠠᠬᠤ ᠠᠵᠢᠯᠯᠠᠭ᠎ᠠ ᠥᠷᠨᠢᠭᠦᠯᠪᠡ ᠃ ᠲᠤᠬᠠᠢ ᠶᠢᠨ ᠲᠠᠯᠠᠪᠠᠢ ᠳᠤ ᠂ ᠰᠤᠷᠭᠠᠭᠤᠯᠢ ᠶᠢᠨ ᠤᠳᠤᠷᠢᠳᠤᠯᠭ᠎ᠠ ᠠᠴᠠ ᠰᠤᠷᠤᠬᠴᠢᠳ ᠤᠨ ᠲᠤᠰᠬᠠᠭᠰᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠂ ᠦᠰᠦᠨ ᠪᠣᠶᠢᠵᠢᠵᠤ ᠴᠢᠳᠠᠪᠤᠷᠢᠲᠠᠨ ᠪᠤᠯᠬᠤ ᠂ ᠡᠷᠬᠡ ᠠᠰᠢᠭ ᠤᠨ ᠦᠢᠯᠡᠴᠢᠯᠡᠭᠡ ᠬᠠᠩᠭᠠᠬᠤ ᠵᠡᠷᠭᠡ ᠲᠠᠯ᠎ᠠ ᠶᠢᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠪᠠ ᠃

      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠥᠷ ᠮᠣᠩᠭᠤᠯ ᠤᠨ ᠶᠡᠭᠡ ᠰᠤᠷᠭᠠᠭᠤᠯᠢ ᠢᠮᠠᠭᠲᠠ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠵᠤ ᠂ ︽ ᠬᠤᠶᠠᠷ ᠱᠠᠲᠤᠨ ᠤ ᠪᠠᠶᠢᠴᠠᠭᠠᠨ ᠰᠤᠳᠤᠯᠤᠯᠲᠠ ︾  ᠪᠠᠷ ᠴᠡᠭᠴᠡᠯᠡᠨ ᠰᠠᠶᠢᠵᠢᠷᠠᠭᠤᠯᠵᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ ᠃ ᠰᠤᠷᠭᠠᠭᠤᠯᠢ ᠳᠡᠭᠡᠳᠦ ᠰᠤᠷᠭᠠᠭᠤᠯᠢ ᠬᠤᠶᠠᠷ ᠱᠠᠲᠤᠨ ᠤ ᠤᠳᠤᠷᠢᠳᠬᠤ ᠺᠠᠳ᠋ᠷ ︽ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠪᠤᠶᠠᠨ ᠦᠢᠯᠡᠳᠬᠦ ︾ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ ᠂ ᠬᠠᠷᠢᠭᠤ ᠮᠡᠳᠡᠭᠦᠯᠦᠯᠲᠡ ᠶᠢ ᠰᠣᠨᠣᠰᠬᠤ ᠂ ᠶᠠᠷᠢᠯᠴᠠᠨ ᠰᠣᠯᠢᠯᠴᠠᠬᠤ ᠂ ᠮᠠᠲ᠋ᠧᠷᠢᠶᠠᠯ ᠢ ᠪᠠᠶᠢᠴᠠᠭᠠᠨ ᠦᠵᠡᠬᠦ ᠂ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠵᠡᠷᠭᠡ ᠭᠡᠯᠪᠡᠷᠢ ᠶᠢ ᠶᠡᠷᠦᠩᠬᠡᠶᠢᠯᠡᠨ ᠠᠰᠢᠭᠯᠠᠵᠤ ᠬᠠᠮᠵᠢᠯᠴᠠᠨ ᠪᠠᠶᠢᠴᠠᠭᠠᠨ ᠰᠤᠳᠤᠯᠤᠯᠲᠠ ᠥᠷᠨᠢᠭᠦᠯᠵᠦ ᠂ ︽ ᠱᠦᠵᠢ ᠨᠠᠳᠠ ᠲᠠᠢ ᠨᠢᠭᠤᠷᠳᠠᠨ ᠶᠠᠷᠢᠯᠴᠠᠬᠤ ᠣᠨᠴᠠᠭᠠᠢ ᠭᠤᠣᠯ ᠰᠡᠳᠦᠪᠲᠦ ᠡᠪᠯᠡᠯ ᠤᠨ

ᠡᠳᠦᠷ ︾ ᠂ ᠰᠤᠷᠭᠠᠭᠤᠯᠢ ᠶᠢᠨ ᠤᠳᠤᠷᠢᠳᠤᠯᠭ᠎ᠠ ᠭᠥᠯᠢᠶᠡᠨ ᠠᠪᠴᠤ ᠠᠭᠤᠯᠵᠠᠬᠤ ᠡᠳᠦᠷ ᠵᠡᠷᠭᠡ ᠠᠵᠢᠯᠯᠠᠭ᠎ᠠ ᠥᠷᠨᠢᠭᠦᠯᠵᠦ ᠂ ᠪᠠᠭᠰᠢ ᠰᠤᠷᠤᠬᠴᠢᠳ ᠲᠠᠢ ᠨᠢᠭᠤᠷᠳᠠᠨ ᠶᠠᠷᠢᠯᠴᠠᠵᠤ ᠂ ᠦᠨᠡᠨ ᠦᠭᠡ ᠶᠢ ᠨᠢ ᠰᠣᠨᠣᠰᠴᠤ ᠪᠣᠳᠠᠲᠤ ᠪᠠᠶᠢᠳᠠᠯ ᠢ ᠣᠶᠢᠯᠠᠭᠠᠵᠤ ᠂ ᠰᠤᠷᠭᠠᠭᠤᠯᠢ ᠶᠢᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠂ ᠪᠠᠭᠰᠢ ᠰᠤᠷᠤᠬᠴᠢᠳ ᠤᠨ ᠪᠠᠴᠢᠮᠳᠠᠵᠤ ᠲᠦᠪᠡᠭᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ ᠃

      ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠠ ᠭᠠᠵᠠᠷ ᠤᠨ ᠲᠡᠰ ᠤᠨ ᠺᠠᠳ᠋ᠷᠴᠤᠳ ᠥᠭᠡᠷᠡᠴᠢᠯᠡᠯᠲᠡ ᠬᠥᠭᠵᠢᠯᠲᠡ ᠶᠢᠨ ᠭᠤᠣᠯᠳᠠᠯᠭ᠎ᠠ ᠂ ᠲᠤᠭᠤᠰᠢᠯᠠᠭᠤᠯᠤᠨ ᠬᠡᠷᠡᠭᠵᠢᠭᠦᠯᠬᠦ ᠳᠤᠮᠳᠠᠬᠢ ᠬᠦᠴᠢᠷᠳᠡᠯ ᠂ ᠪᠠᠭᠰᠢ ᠰᠤᠷᠤᠬᠴᠢᠳ ᠤᠨ ᠲᠤᠰᠬᠠᠯ ᠴᠢᠩᠭ᠎ᠠ ᠪᠠᠶᠢᠭ᠎ᠠ ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠂

︽ 8 + N ︾ ᠵᠦᠢᠯ ᠤᠨ ᠰᠤᠳᠤᠯᠭᠠᠨ ᠤ ᠰᠡᠳᠦᠪ ᠢ ᠲᠣᠭᠲᠠᠭᠠᠪᠠ ᠃ ᠰᠤᠷᠭᠠᠭᠤᠯᠢ ᠠᠴᠠ ᠂ ᠪᠠᠶᠢᠴᠠᠭᠠᠨ ᠰᠤᠳᠤᠯᠤᠯᠲᠠ ᠶᠢᠨ ᠰᠡᠳᠦᠪ ᠨᠢᠭᠡᠪᠦᠷᠢ ᠳᠤ ᠴᠥᠮ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠵᠦ ᠂ ᠯᠠᠪᠯᠠᠯᠲᠠ ᠪᠤᠯᠭᠠᠵᠤ ᠳᠡᠯᠭᠡᠷᠡᠭᠦᠯᠵᠦ ᠵᠢᠱᠢᠶ᠎ᠡ ᠦᠵᠡᠭᠦᠯᠵᠦ ᠪᠣᠯᠬᠤᠶᠢᠴᠠ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ ᠃ ᠣᠳᠣᠬᠠᠨ ᠪᠤᠯᠲᠠᠯ᠎ᠠ ᠂ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠨᠡᠶᠢᠲᠡ 183 ᠪᠠᠶᠢᠴᠠᠭᠠᠨ ᠰᠤᠳᠤᠯᠤᠯᠲᠠ ᠶᠢᠨ ᠰᠡᠳᠦᠪ ᠂ 394 ᠪᠠᠶᠢᠴᠠᠭᠠᠨ ᠰᠤᠳᠤᠯᠬᠤ ᠲᠥᠯᠥᠪᠯᠡᠭᠡ ᠶᠢ ᠲᠣᠭᠲᠠᠭᠠᠵᠤ ᠂ 189 ᠤᠳᠠᠭ᠎ᠠ ᠪᠠᠶᠢᠴᠠᠭᠠᠨ ᠰᠤᠳᠤᠯᠤᠯᠲᠠ ᠬᠢᠵᠦ ᠂ 14 ᠠᠰᠠᠭᠤᠳᠠᠯ ᠢ ᠰᠢᠢᠳᠪᠦᠷᠢᠯᠡᠵᠦ ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠠᠷᠢᠨ ᠲᠠᠩᠰᠠ ᠶᠢ 4 ᠪᠠᠶᠢᠭᠤᠯᠵᠤ ᠂ ᠪᠦᠭᠦ ᠰᠤᠷᠭᠠᠭᠤᠯᠢ ᠶᠢᠨ ᠤᠳᠤᠷᠢᠳᠬᠤ ᠺᠠᠳ᠋ᠷ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠪᠣᠳᠠᠲᠤ ᠪᠠᠶᠢᠳᠠᠯ ᠢ ᠪᠠᠶᠢᠴᠠᠭᠠᠨ ᠦᠵᠡᠵᠦ ᠂ ᠪᠣᠳᠠᠲᠠᠢ ᠠᠷᠭ᠎ᠠ ᠰᠦᠪᠡᠭᠴᠢᠯᠡᠨ ᠂ ᠪᠣᠳᠠᠲᠠᠢ ᠠᠵᠢᠯ ᠬᠢᠵᠦ ᠂ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠡᠳᠦᠷ ᠢᠷᠡᠬᠦᠶ᠎ᠡ ᠥᠳᠬᠡᠨ ᠵᠤᠵᠠᠭᠠᠨ ᠪᠣᠯᠪᠠ ᠃

      ︽ᠬᠤᠣᠰ ᠲᠡᠷᠢᠭᠦᠨ ᠵᠡᠷᠭᠡ ︾  ᠶᠢᠨ ᠪᠠᠶᠢᠭᠤᠯᠤᠯᠲᠠ ᠪᠠ ︽ ᠶᠠᠮᠤᠨ ᠣᠷᠣᠨ ᠬᠠᠮᠲᠤᠷᠠᠨ ᠪᠠᠶᠢᠭᠤᠯᠬᠤ ︾ ᠵᠡᠷᠭᠡ ᠲᠥᠪ ᠤᠨ ᠭᠤᠣᠯᠳᠠᠯᠭ᠎ᠠ ᠲᠠᠢ ᠠᠵᠢᠯ ᠳᠤ ᠰᠠᠭᠤᠷᠢᠯᠠᠵᠤ ᠂ ᠰᠤᠷᠭᠠᠭᠤᠯᠢ ᠶᠢᠨ ᠬᠢᠨ ᠦᠨᠡᠨ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠨ ᠪᠣᠳᠠᠲᠤ ᠶᠠᠪᠤᠳᠠᠯ ᠬᠢᠵᠦ ᠂ ᠬᠢᠬᠦ ᠳᠤᠮᠳᠠ ᠰᠤᠷᠤᠯᠴᠠᠬᠤ ᠂ ᠰᠤᠷᠤᠯᠴᠠᠬᠤ ᠳᠤᠮᠳᠠ ᠬᠢᠬᠦ ᠶᠢ ᠪᠠᠷᠢᠮᠲᠠᠯᠠᠵᠤ ᠂ ᠥᠨᠳᠥᠷ ᠦᠷ᠎ᠡ ᠪᠦᠳᠦᠮᠵᠢ ᠪᠠᠷ ᠰᠤᠷᠭᠠᠭᠤᠯᠢ ᠶᠢᠨ ᠡᠯ᠎ᠡ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ ᠃ 5 ᠰᠠᠷ᠎ᠠ ᠠᠴᠠ ᠨᠠᠭᠠᠰᠢ ᠂ ᠲᠣᠮᠣ ᠶᠠᠪᠤᠳᠠᠯ ᠪᠠᠶᠠᠷᠲᠤ ᠶᠠᠪᠤᠳᠠᠯ ᠵᠠᠯᠭᠠᠭ᠎ᠠ ᠪᠠᠷ ᠰᠣᠨᠣᠷᠳᠠᠪᠠ ᠃ ᠰᠤᠷᠭᠠᠨ ᠬᠥᠮᠦᠵᠢᠯ ᠤᠨ ᠶᠠᠮᠤᠨ ᠤ ᠬᠤᠶᠠᠳᠤᠭᠠᠷ ᠪᠦᠯᠦᠭ ᠤᠨ ᠤᠯᠤᠰ ᠤᠨ ᠲᠠᠰ ᠤᠨ ᠲᠡᠷᠢᠭᠦᠨ ᠵᠡᠷᠭᠡ ᠶᠢᠨ ᠵᠢᠩᠬᠢᠨᠢ ᠠᠩᠭᠢ ᠶᠢᠨ ᠬᠢᠴᠢᠶᠡᠯ ᠲᠥᠷᠥᠯ 4 ᠨᠡᠮᠡᠭᠳᠡᠵᠦ ᠂ ᠶᠡᠷᠦᠩᠬᠡᠢ ᠲᠤᠭ᠎ᠠ ᠨᠢ 20 ᠪᠣᠯᠪᠠ ᠃ ᠠᠮᠢ ᠠᠬᠤᠢ ᠶᠢᠨ ᠲᠣᠮᠣ ᠳ᠋ᠠᠶᠢᠲ᠋ᠠ ᠶᠢᠨ ᠰᠤᠷᠭᠠᠨ ᠬᠥᠮᠦᠵᠢᠯ ᠤᠨ ᠶᠠᠮᠤᠨ ᠤ ᠢᠨᠵᠧᠨᠧᠷᠢᠩ ᠤᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠨᠤᠲᠠᠯᠠᠯᠲᠠ ᠶᠢ ᠤᠷᠤᠭᠰᠢᠲᠠᠢ ᠥᠩᠭᠡᠷᠡᠪᠡ ᠃ ᠫᠷᠤᠹᠧᠰᠰᠤᠷ ᠦ᠋ ᠯᠢ ᠮᠢᠨ ᠪᠣᠯᠣᠨ ᠫᠷᠤᠹᠧᠰᠰᠤᠷ ᠭᠦ᠋ ᠰᠢᠶᠣᠣ ᠵᠢᠶᠦ᠋ᠨ ᠤ ᠬᠠᠮᠲᠤᠷᠠᠭᠰᠠᠨ ᠪᠦᠯᠭᠦᠮ ᠣᠯᠠᠨ ᠤᠯᠤᠰ ᠤᠨ ᠬᠢᠮᠢ ᠶᠢᠨ ᠲᠡᠷᠢᠭᠦᠨ ᠵᠡᠷᠭᠡ ᠶᠢᠨ ᠰᠡᠳᠬᠦᠯ ᠳᠡᠭᠡᠷ᠎ᠡ ᠳ᠋ᠢᠶᠠᠨ ᡂᠢ ᠶᠢᠨ ᠲᠤᠬᠠᠢ ᠴᠢᠬᠤᠯᠠ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠪᠡ ︔ ᠫᠷᠤᠹᠧᠰᠰᠤᠷ ᠪᠠᠢ ᠸᠧᠢ ᠵᠢᠶᠦ᠋ᠨ ᠤ ᠪᠦᠯᠭᠦᠮ ᠤᠨ ᠭᠤᠶᠤᠴᠢᠯᠠᠨ ᠮᠡᠳᠡᠭᠦᠯᠦᠭᠰᠡᠨ ︽ ᠥᠪᠥᠷ ᠮᠣᠩᠭᠤᠯ ᠤᠨ ᠵᠡᠮᠳᠡᠭᠴᠦᠳ ᠤᠨ ᠠᠵᠢᠯ ᠮᠡᠷᠭᠡᠵᠢᠯ ᠤᠨᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ︾ ᠨᠢ ᠪᠦᠭᠦ ᠤᠯᠤᠰ ᠤᠨ ᠦᠨᠳᠦᠰᠦᠲᠡᠨ ᠤ ᠠᠵᠢᠯ ᠤᠨ ᠰᠢᠯᠢᠳᠡᠭ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠱᠠᠩᠨᠠᠯ ᠢ ᠬᠦᠷᠲᠡᠵᠡᠢ ᠃ ᠰᠤᠷᠭᠠᠭᠤᠯᠢ ᠶᠢᠨ ᠳᠣᠲᠣᠭᠠᠳᠤ ᠠᠭᠤᠯᠬᠤᠨ ᠪᠦᠬᠦᠢ ᠬᠥᠭᠵᠢᠯᠲᠡ ᠂ ᠣᠨᠴᠠᠯᠢᠭᠲᠤ ᠬᠥᠭᠵᠢᠯᠲᠡ ᠂ ᠴᠢᠨᠠᠷ ᠰᠠᠶᠢᠲᠠᠢ ᠬᠥᠭᠵᠢᠯᠲᠡ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ ᠃

      ︽ ᠲᠣᠮᠣ ᠲᠠᠪᠴᠠᠩ ᠪᠠᠶᠢᠭᠤᠯᠬᠤ ᠂ ᠲᠣᠮᠣ ᠪᠦᠯᠭᠦᠮ ᠨᠡᠶᠢᠲᠡ ᠶᠢ ᠵᠣᠬᠢᠶᠠᠨ ᠪᠠᠶᠢᠭᠤᠯᠬᠤ ᠂ ᠲᠣᠮᠣ ᠲᠥᠷᠥᠯ ᠵᠦᠢᠯ ᠢ ᠡᠭᠦᠷᠭᠡᠯᠡᠬᠦ ᠂ ᠲᠣᠮᠣ ᠦᠷ᠎ᠡ ᠪᠦᠲᠦᠭᠡᠯ ᠭᠠᠷᠭᠠᠬᠤ ︾ ᠠᠵᠢᠯ ᠤᠨ ᠰᠡᠳᠬᠢᠴᠡ ᠪᠠᠷ ᠂ ᠰᠤᠷᠭᠠᠭᠤᠯᠢ ᠶᠢᠨ ᠬᠢᠨ 3 ᠠᠺᠠᠳᠧᠮᠢᠴᠢ ᠪᠠᠷ ᠲᠦᠷᠦᠭᠦᠯᠡᠭᠦᠯᠦᠭᠰᠡᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠣᠶᠢᠵᠢᠭᠤᠯᠬᠤ ᠰᠠᠭᠤᠷᠢᠨ ᠂ ᠠᠮᠢᠳᠤ ᠪᠣᠳᠠᠰ ᠤᠨ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶᠡᠯᠡᠩ ᠂ ᠡᠨᠧᠷᠭᠢ ᠶᠢᠨ ᠮᠠᠲ᠋ᠧᠷᠢᠶᠠᠯ ᠤᠨ ᠬᠢᠮᠢ ᠶᠢᠨ ᠰᠤᠳᠤᠯᠭᠠᠨ ᠤ ᠬᠦᠷᠢᠶᠡᠯᠡᠩ ᠵᠡᠷᠭᠡ 3 ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠪᠠ ᠃ ᠰᠢᠨ᠎ᠡ ᠶᠢ ᠡᠭᠦᠳᠬᠦ 3 ᠥᠨᠳᠦᠷᠯᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢᠭᠡᠨᠲᠡ ᠪᠦᠭᠦ ᠲᠠᠯ᠎ᠠ ᠪᠠᠷ ᠠᠵᠢᠯ ᠡᠬᠢᠯᠡᠭᠦᠯᠦᠭᠰᠡᠨ ᠪᠥᠭᠡᠳ 40 ᠭᠠᠷᠤᠢ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠂ ᠤᠯᠤᠰ ᠤᠨ ᠲᠡᠰ ᠤᠨ 8 ᠴᠢᠬᠤᠯᠠ ᠶᠡᠭᠡ ᠭᠤᠣᠯᠳᠠᠯᠭ᠎ᠠ ᠲᠠᠢ ᠲᠦᠷᠦᠯ ᠵᠦᠢᠯ ︵ ᠰᠤᠳᠤᠯᠭᠠᠨ ᠤ ᠰᠡᠳᠦᠪ ︶ ᠢ ᠵᠥᠪᠰᠢᠶᠡᠷᠡᠭᠦᠯᠬᠦ ᠪᠠᠷ ᠭᠤᠶᠤᠴᠢᠯᠠᠵᠤ ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠪᠡ ᠃ ︽ ᠬᠤᠣᠰ ᠲᠡᠷᠢᠭᠦᠨ ᠵᠡᠷᠭᠡ ︾  ᠶᠢᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠣᠯᠤᠭᠰᠠᠨ ᠤ ᠬᠤᠪᠢ ᠳᠤ ᠂ ᠰᠤᠷᠭᠠᠭᠤᠯᠢ ᠶᠢᠨ ᠬᠢᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠥᠪᠡᠷᠲᠡᠭᠡᠨ ᠵᠠᠰᠠᠬᠤ ᠣᠷᠣᠨ ᠤ ︽ ᠬᠤᠶᠠᠷ ᠶᠡᠭᠡ ᠶᠠᠪᠤᠳᠠᠯ ︾  ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ ᠂ ᠴᠢᠳᠠᠪᠤᠷᠢᠲᠠᠨ ᠂ ᠰᠢᠨᠵᠢᠯᠡᠭᠡᠨ ᠤ ᠰᠠᠯᠠᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠂ ︽ ᠥᠪᠡᠷᠲᠡᠭᠡᠨ ᠵᠠᠰᠠᠬᠤ ᠣᠷᠣᠨ ᠤ ︿ ᠲᠠᠪᠤᠨ ᠶᠡᠭᠡ ᠡᠭᠦᠷᠭᠡ ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ ᠢ ᠲᠣᠭᠲᠠᠭᠠᠨ ᠬᠡᠷᠡᠭᠵᠢᠭᠦᠯᠵᠦ ᠂ 27 ᠵᠦᠢᠯ ᠤᠨ ᠪᠣᠳᠠᠲᠠᠢ ᠬᠠᠷᠠᠯᠲᠠ ᠡᠭᠦᠷᠭᠡ ᠶᠢ ᠲᠣᠳᠣᠷᠬᠠᠶᠢᠯᠠᠨ ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠳᠤᠮᠳᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠭᠦᠷᠭᠡᠯᠡᠯ ᠢᠶᠠᠨ ᠢᠯᠡᠷᠡᠭᠦᠯᠵᠦ ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠤᠪᠢ ᠨᠡᠮᠡᠷᠢ ᠪᠠᠨ ᠦᠵᠡᠭᠦᠯᠭᠦ ᠪᠠᠷ ᠴᠢᠷᠮᠠᠶᠢᠨ᠎ᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ