|
ᠭᠦᠨᠵᠡᠭᠡᠢ ᠰᠤᠷᠤᠯᠴᠠᠨ ᠲᠤᠭᠤᠰᠢᠲᠠᠢ ᠣᠶᠢᠯᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠠᠵᠢᠯ ᠢᠶᠠᠨ ᠠᠬᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠨ᠎ᠠ — | ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠣᠮ ᠤᠩᠰᠢᠬᠤ ᠠᠩᠭᠢ ᠡᠷᠭᠢᠯᠡᠵᠦ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠵᠤ ᠪᠤᠢ |
|
|
ᠨᠡᠶᠢᠲᠡᠯᠡᠭᠰᠡᠨ ᠴᠠᠭ᠄
2023/7/18
|
|
ᠣᠶᠢᠷ᠎ᠠ ᠶᠢᠨ ᠡᠳᠦᠷ ᠤᠳ ᠲᠤ ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠠᠭᠤᠯᠭ᠎ᠠ ᠪᠠᠷ ᠪᠠᠶᠠᠯᠢᠭ ᠂ ᠭᠡᠯᠪᠡᠷᠢ ᠤᠯᠠᠨ ᠶᠠᠩᠵᠤ ᠶᠢᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠂ ᠭᠦᠨᠵᠡᠭᠡᠢ ᠰᠤᠷᠤᠯᠴᠠᠨ ᠲᠤᠭᠤᠰᠢᠲᠠᠢ ᠣᠶᠢᠯᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ ᠪᠤᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠳᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ ᠂ ᠲᠥᠪᠯᠡᠷᠡᠭᠦᠯᠦᠨ ᠰᠤᠷᠤᠯᠴᠠᠬᠤ ᠂ ᠲᠠᠶᠢᠯᠤᠮᠵᠢ ᠬᠢᠵᠦ ᠬᠠᠪᠰᠤᠷᠤᠨ ᠵᠢᠯᠤᠭᠤᠳᠬᠤ ᠂ ᠲᠤᠬᠠᠢ ᠶᠢᠨ ᠲᠠᠯᠠᠪᠠᠶ ᠳᠤ ᠵᠢᠭᠠᠨ ᠰᠤᠷᠭᠠᠬᠤ ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ ᠃ ᠰᠤᠷᠤᠯᠴᠠᠯᠭ᠎ᠠ ᠳᠤ ᠣᠷᠣᠯᠴᠠᠭᠰᠠᠳ ᠂ ᠬᠦᠴᠢᠷᠳᠡᠯᠲᠡᠢ ᠣᠯᠠᠨ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠦᠨ ᠤᠯᠠᠨ ᠲᠦᠮᠡᠨ ᠤ ᠦᠨᠳᠦᠰᠦᠨ ᠵᠦᠢᠯ ᠢ ᠪᠠᠲᠤᠯᠠᠵᠤ ᠂ ᠣᠨᠴᠠᠭᠠᠶ ᠣᠯᠠᠨ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠵᠦ ᠂ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠲᠦᠮᠡᠨ ᠳᠤ ᠦᠢᠯᠡᠴᠢᠯᠡᠵᠦ ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠷᠠᠳ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠶ᠎ᠡ ︾ ᠭᠡᠬᠦ ᠠᠭᠤᠯᠭ᠎ᠠ ᠶᠢᠨ ᠲᠣᠭᠤᠷᠢᠨ ᠳᠤ ᠂ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ ᠃ ᠨᠣᠮ ᠤᠩᠰᠢᠬᠤ ᠠᠩᠭᠢ ᠨᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠂ ᠨᠠᠮ ᠤᠨ ᠭᠡᠰᠢᠭᠦᠨ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠦᠯᠭᠦ ᠵᠡᠷᠭᠡ ᠠᠷᠭ᠎ᠠ ᠭᠡᠯᠪᠡᠷᠢ ᠪᠠᠷ ᠦᠵᠡᠯ ᠰᠠᠨᠠᠭ᠎ᠠ ᠲᠠᠨᠢᠯᠲᠠ ᠪᠠᠨ ᠳᠠᠭᠢᠨ ᠳᠡᠭᠡᠭᠰᠢᠯᠡᠭᠦᠯᠭᠦ ᠂ ᠣᠨᠣᠯ ᠤᠨ ᠵᠡᠪᠰᠡᠭᠯᠡᠯ ᠢᠶᠠᠨ ᠲᠠᠭᠢᠨ ᠴᠢᠩᠭᠠᠳᠬᠠᠬᠤ ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠭᠢᠨ ᠳᠠᠪᠲᠠᠨ ᠪᠤᠯᠪᠠᠰᠤᠷᠠᠭᠤᠯᠬᠤ ᠬᠠᠷᠠᠯᠲᠠ ᠶᠢ ᠪᠡᠶᠡᠯᠡᠭᠦᠯᠪᠡ ᠃ ᠣᠯᠠᠨ ᠢᠶᠠᠷ ᠢᠶᠠᠨ ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠵᠤ ᠂ ︽ ᠲᠠᠪᠤᠨ ᠶᠡᠭᠡ ᠡᠭᠦᠷᠭᠡ ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ ᠂ ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠨ᠎ᠡ ᠭᠡᠵᠦ ᠢᠯᠡᠳᠬᠡᠵᠡᠭᠡᠪᠡ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|