ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠥᠷ ᠮᠣᠩᠭᠤᠯ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ ᠦᠵᠡᠯ ᠰᠠᠨᠠᠭ᠎ᠠ ᠶᠢ ᠰᠤᠷᠤᠯᠴᠠᠨ ᠂ ᠨᠠᠮᠴᠢ ᠴᠢᠨᠠᠷ ᠢ ᠴᠢᠩᠭᠠᠳᠬᠠᠵᠤ ᠂ ᠦᠢᠯᠡᠳᠦᠯᠭᠡ ᠶᠢ ᠴᠢᠬᠤᠯᠠᠴᠢᠯᠠᠨ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ ᠂ ︽ ᠲᠠᠪᠤᠨ ᠶᠡᠭᠡ ᠡᠭᠦᠷᠭᠡ ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠨᠢᠭᠡ ᠲᠥᠪ ᠭᠤᠷᠪᠠᠨ ᠴᠣᠭᠴᠠ ᠬᠤᠶᠠᠷ ᠵᠢᠭᠦᠷ ︾ ᠤᠨ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠠᠷᠠᠯᠲᠠ ᠶᠢ ᠲᠣᠭᠲᠠᠭᠠᠵᠤ ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ ᠬᠢᠨᠠᠨ ᠬᠡᠮᠵᠢᠬᠦ ᠶᠠᠪᠤᠴᠠ ᠳᠠᠬᠢ ᠬᠦᠴᠢᠷᠳᠡᠯ ᠪᠠ ᠲᠦᠭᠵᠢᠷᠡᠯ ᠢ ᠬᠦᠴᠦᠯᠡᠨ ᠰᠢᠢᠳᠪᠦᠷᠢᠯᠡᠵᠦ ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠮᠥᠩᠭᠦᠨ ᠭᠦᠢᠯᠭᠡᠭᠡᠨ ᠤ ᠵᠢᠷᠤᠭ ᠲᠥᠰᠥᠪ ᠤᠨ ᠰᠢᠨ᠎ᠡ ᠶᠢ ᠡᠭᠦᠳᠦᠨ ᠪᠠᠶᠢᠭᠤᠯᠵᠤ ᠂ ᠪᠠᠭ᠎ᠠ ᠵᠢᠵᠢᠭ ᠠᠵᠤ ᠠᠬᠤᠶᠢᠯᠠᠯ ᠤᠨ ︽ ᠬᠤᠶᠠᠷ ᠢ ᠨᠡᠮᠡᠭᠳᠡᠭᠦᠯᠦᠨ ᠨᠢᠭᠡ ᠶᠢ ᠰᠢᠯᠢᠳᠡᠭᠵᠢᠭᠦᠯᠵᠦ ᠨᠢᠭᠡ ᠶᠢ ᠲᠣᠭᠲᠠᠪᠤᠷᠢᠵᠢᠭᠤᠯᠬᠤ ︾ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ ᠃
ᠥᠪᠥᠷ ᠮᠣᠩᠭᠤᠯ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠶᠢ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠮᠡᠳᠡᠬᠦᠢ ᠬᠢᠬᠦᠢ ᠶᠢ ᠨᠢᠭᠡᠳᠬᠡᠨ ᠂ ᠰᠤᠷᠬᠤᠢ ᠬᠡᠷᠡᠭᠯᠡᠬᠦᠢ ᠶᠢ ᠤᠶᠠᠯᠳᠤᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠳᠤ ᠬᠦᠴᠦᠨ ᠴᠢᠳᠠᠯ ᠣᠯᠭᠤᠬᠤ ᠶᠢ ᠪᠠᠷᠢᠮᠲᠠᠯᠠᠵᠤ ᠂ ᠲᠣᠭᠠᠴᠢᠯᠠᠭᠰᠠᠨ ᠠᠷᠭ᠎ᠠ ᠪᠠᠷᠢᠯ ᠳᠤ ᠲᠦᠰᠢᠭᠯᠡᠨ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠷᠠᠯᠲᠠ ᠶᠢᠨ ᠮᠡᠳᠡᠭᠡ ᠵᠠᠩᠭᠢᠴᠢᠯᠠᠭᠰᠠᠨ ᠬᠢᠨᠠᠨ ᠬᠡᠮᠵᠢᠯᠲᠡ ᠶᠢ ᠴᠢᠩᠭᠠᠳᠬᠠᠨ ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠮᠥᠩᠭᠦᠨ ᠭᠦᠢᠯᠭᠡᠭᠡᠨ ᠤ ᠵᠢᠷᠤᠭ ᠲᠥᠰᠥᠪ ᠢ ᠪᠠᠶᠢᠭᠤᠯᠵᠤ ᠂ ᠰᠦᠯᠵᠢᠶᠡᠨ ᠤ ᠭᠡᠯᠪᠡᠷᠢ ᠪᠠᠷ ᠳᠡᠯᠭᠡᠨ ᠦᠵᠡᠭᠦᠯᠭᠦ ᠂ ᠲᠣᠮᠣ ᠳᠡᠯᠭᠡᠴᠡ ᠪᠠᠶᠢᠭᠤᠯᠬᠤ ᠂ ᠤᠷᠢᠳᠴᠢᠯᠠᠨ ᠰᠡᠷᠡᠮᠵᠢᠯᠡᠬᠦ ᠷᠠᠳᠠᠷ ᠢ ᠨᠡᠭᠡᠭᠡᠬᠦ ᠂ ᠬᠠᠨᠳᠤᠰᠢ ᠳᠤ ᠵᠠᠳᠠᠯᠤᠯᠲᠠ ᠬᠢᠬᠦ ᠵᠡᠷᠭᠡ ᠬᠢᠨᠠᠨ ᠬᠡᠮᠵᠢᠯᠲᠡ ᠶᠢᠨ ᠵᠠᠳᠠᠯᠤᠯᠲᠠ ᠶᠢᠨ ᠬᠡᠰᠡᠭ ᠢ ᠨᠡᠭᠡᠭᠡᠵᠦ ᠂ ᠭᠠᠵᠠᠷ ᠣᠷᠣᠨ ᠂ ᠪᠠᠶᠢᠭᠤᠯᠤᠮᠵᠢ ᠂ ᠴᠠᠭ ᠬᠤᠭᠤᠴᠠᠭ᠎ᠠ ᠬᠤᠪᠢᠶᠠᠨ ᠪᠠᠭ᠎ᠠ ᠵᠢᠵᠢᠭ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠭᠦ ᠲᠠᠯ᠎ᠠ ᠪᠠᠷ ᠬᠥᠳᠡᠯᠦᠩᠭᠦᠢ ᠪᠠᠷ ᠳᠡᠯᠭᠡᠨ ᠦᠵᠡᠭᠦᠯᠵᠦ ᠂ ᠬᠢᠨᠠᠨ ᠬᠡᠮᠵᠢᠵᠦ ᠱᠠᠯᠠᠪᠳᠠᠭᠤᠯᠬᠤ ᠳᠤᠮᠳᠠᠬᠢ ᠲᠦᠭᠵᠢᠷᠡᠯ ᠬᠦᠴᠢᠷ ᠠᠰᠠᠭᠤᠳᠠᠯ ᠢ ᠰᠢᠢᠳᠪᠦᠷᠢᠯᠡᠵᠦ ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢ ᠪᠡᠶᠡᠯᠡᠭᠦᠯᠵᠡᠢ ᠃
ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠮᠥᠩᠭᠦᠨ ᠭᠦᠢᠯᠭᠡᠭᠡᠨ ᠤ ᠵᠢᠷᠤᠭ ᠲᠥᠰᠥᠪ ᠨᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳ᠋ᠠᠶᠢᠲ᠋ᠠ ᠬᠥᠮᠥᠷᠭᠡ ᠶᠢ ᠪᠦᠷᠢᠯᠳᠦᠭᠦᠯᠵᠦ ᠂ ᠲᠤᠭ᠎ᠠ ᠪᠠᠷᠢᠮᠲᠠ ᠶᠢ ᠬᠢᠨᠠᠨ ᠰᠢᠨᠵᠢᠬᠦ ᠶᠢᠨ ᠪᠦᠷᠢᠨ ᠪᠦᠲᠦᠨ ᠂ ᠣᠨᠣᠴᠠᠲᠠᠢ ᠂ ᠴᠠᠭᠴᠢ ᠴᠢᠨᠠᠷ ᠪᠠ ᠦᠷᠭᠦᠯᠵᠢᠯᠡᠬᠦ ᠴᠢᠨᠠᠷ ᠢ ᠪᠡᠶᠡᠯᠡᠭᠦᠯᠪᠡ ᠃ ᠨᠢᠭᠡ ᠲᠠᠯ᠎ᠠ ᠪᠠᠷ ᠂ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳ᠋ᠠᠶᠢᠲ᠋ᠠ ᠬᠥᠮᠥᠷᠭᠡ ᠶᠢᠨ ᠳ᠋ᠠᠶᠢᠲ᠋ᠠ ᠨᠢ 1104 ᠪᠠ EAST ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠠᠴᠠ ᠢᠷᠡᠯᠲᠡ ᠲᠠᠢ ᠂ ᠬᠢᠨᠠᠨ ᠬᠠᠷᠭᠤᠭᠤᠯᠤᠭᠰᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠦᠯᠬᠦ ᠬᠦᠰᠦᠨᠦᠭᠲᠦ ᠵᠡᠷᠭᠡ ᠮᠡᠳᠡᠭᠡ ᠵᠠᠩᠭᠢ ᠶᠢᠨ ᠳ᠋ᠠᠶᠢᠲ᠋ᠠ ᠂ ᠳ᠋ᠠᠶᠢᠲ᠋ᠠ ᠶᠢᠨ ᠪᠠᠷᠢᠮᠵᠢᠶ᠎ᠠ ᠨᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠨᠢᠭᠡᠳᠦᠯ ᠲᠠᠢ ᠪᠠᠶᠢᠵᠤ ᠂ ᠬᠢᠨᠠᠨ ᠰᠢᠨᠵᠢᠭᠰᠡᠨ ᠳ᠋ᠠᠶᠢᠲ᠋ᠠ ᠶᠢᠨ ᠪᠦᠷᠢᠨ ᠪᠦᠲᠦᠨ ᠴᠢᠨᠠᠷ ᠪᠠ ᠣᠨᠣᠪᠴᠢᠲᠤ ᠴᠢᠨᠠᠷ ᠢ ᠪᠠᠲᠤᠯᠠᠪᠠ ᠃ ᠨᠥᠭᠦᠭᠡ ᠲᠠᠯ᠎ᠠ ᠪᠠᠷ ᠂ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳ᠋ᠠᠶᠢᠲ᠋ᠠ ᠬᠥᠮᠥᠷᠭᠡ ᠨᠢ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠯᠦᠭᠡ ᠴᠠᠭ ᠲᠤᠬᠠᠢ ᠳᠤᠨᠢ ᠵᠣᠯᠭᠠᠯᠳᠤᠵᠤ ᠂ ︽ ᠨᠢᠭᠡ ᠳᠠᠷᠤᠪᠴᠢ ᠪᠠᠷ ᠰᠢᠭᠤᠳ ᠬᠦᠷᠬᠦ ︾ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠮᠥᠩᠭᠦᠨ ᠭᠦᠢᠯᠭᠡᠭᠡᠨ ᠤ ᠵᠢᠷᠤᠭ ᠲᠥᠰᠥᠪ ᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠳ᠋ᠠᠶᠢᠲ᠋ᠠ ᠯᠤᠭ᠎ᠠ ᠵᠡᠷᠭᠡ ᠳᠤᠨᠢ ᠰᠢᠨᠡᠳᠬᠡᠬᠦ ᠶᠢ ᠪᠡᠶᠡᠯᠡᠭᠦᠯᠵᠦ ᠂ ᠬᠢᠨᠠᠨ ᠰᠢᠨᠵᠢᠭᠰᠡᠨ ᠳ᠋ᠠᠶᠢᠲ᠋ᠠ ᠶᠢᠨ ᠴᠠᠭᠴᠢ ᠴᠢᠨᠠᠷ ᠪᠠ ᠦᠷᠭᠦᠯᠵᠢᠯᠡᠬᠦ ᠴᠢᠨᠠᠷ ᠢ ᠪᠠᠲᠤᠯᠠᠪᠠ ᠃
ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠵᠢᠷᠤᠭ ᠲᠥᠰᠥᠪ ᠨᠢ ᠵᠢᠷᠤᠭ ᠬᠦᠰᠦᠨᠦᠭᠲᠦ ᠶᠢᠨ ᠭᠡᠯᠪᠡᠷᠢ ᠪᠠᠷ ᠪᠦᠭᠦ ᠣᠷᠣᠨ ᠤ ᠪᠠᠭ᠎ᠠ ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠂ ᠡᠷᠦᠭᠡ ᠶᠢᠨ ᠲᠤᠭ᠎ᠠ ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠤᠨ ︽ ᠬᠤᠶᠠᠷ ᠢ ᠨᠡᠮᠡᠭᠳᠡᠭᠦᠯᠬᠦ ︾ ᠬᠠᠷᠠᠯᠲᠠ ᠶᠢ ᠲᠣᠭᠲᠠᠭᠠᠭᠰᠠᠨ ᠨᠠᠷᠢᠨ ᠲᠠᠩᠰᠠ ᠂ ᠪᠠᠭ᠎ᠠ ᠵᠢᠵᠢᠭ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠨᠡᠯᠡᠯᠲᠡ ᠶᠢᠨ ᠦᠷ᠎ᠡ ᠳ᠋ᠦᠩ ᠵᠡᠷᠭᠡ ᠠᠭᠤᠯᠭ᠎ᠠ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ ᠂ ᠪᠦᠭᠦ ᠲᠠᠯ᠎ᠠ ᠶᠢᠨ ᠪᠠᠶᠢᠳᠠᠯ ᠢ ᠲᠣᠳᠣᠷᠬᠠᠢ ᠡᠵᠡᠮᠰᠢᠵᠦ ᠴᠢᠳᠠᠬᠤ ᠪᠣᠯᠭᠠᠵᠠᠢ ᠃ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠨᠢ ᠪᠦᠬᠦᠯᠢ ᠡᠳᠦᠷ ᠢᠶᠠᠷ ᠬᠢᠨᠠᠨ ᠬᠡᠮᠵᠢᠵᠦ ᠂ ︽ ᠬᠤᠶᠠᠷ ᠢ ᠨᠡᠮᠡᠭᠳᠡᠭᠦᠯᠬᠦ ︾ ᠬᠠᠷᠠᠯᠲᠠ ᠶᠢ ᠪᠡᠶᠡᠯᠡᠭᠦᠯᠵᠦ ᠳᠡᠶᠢᠯᠦᠭᠰᠡᠨ ᠦᠭᠡᠢ ᠭᠠᠵᠠᠷ ᠣᠷᠣᠨ ᠂ ᠪᠠᠶᠢᠭᠤᠯᠤᠮᠵᠢ ᠳᠤ ᠳᠣᠲᠣᠭᠠᠳᠤ ᠰᠦᠯᠵᠢᠶᠡᠨ ᠤ ᠰᠢᠤᠳᠠᠨ ᠤ ᠭᠡᠯᠪᠡᠷᠢ ᠪᠠᠷ ᠬᠢᠨᠠᠨ ᠬᠠᠮᠢᠶᠠᠷᠬᠤ ᠠᠵᠢᠯᠲᠠᠨ ᠳᠤ ᠴᠠᠭ ᠲᠤᠬᠠᠢ ᠳᠤᠨᠢ ᠠᠦ᠋ᠲ᠋ᠣ᠋ ᠪᠠᠷ ᠤᠷᠢᠳᠴᠢᠯᠠᠨ ᠰᠡᠷᠡᠮᠵᠢᠯᠡᠭᠦᠯᠵᠦ ᠂ ᠭᠤᠣᠯᠳᠠᠯᠭ᠎ᠠ ᠲᠠᠢ ᠪᠠᠷ ᠠᠬᠢᠭᠤᠯᠬᠤ ᠶᠢ ᠦᠨᠡᠨ ᠬᠦ ᠪᠠᠲᠤᠯᠠᠵᠠᠢ ᠃