︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/7/19

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ


                        ᠥᠪᠥᠷ ᠵᠠᠰᠠᠭ ᠠᠯᠪᠠᠨ ᠲᠠᠷᠬᠠᠭᠠᠭᠰᠠᠨ〔2023〕 11 ᠳ᠋ᠦ᠋ᠭᠡᠷ ᠲᠣᠭᠠᠲᠤ

 

               ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ

               ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ

               ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ ᠃ 

                                                                     2023 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ

                         ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ


      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠵᠦ ᠂ ᠨᠡᠶᠢᠭᠡᠮ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠡᠮᠵᠢᠯᠡᠨ ᠠᠷᠢᠯᠭᠠᠵᠤ ᠂ ᠠᠵᠤ ᠠᠬᠤᠢ ᠶᠢᠨ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ︽ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠲᠣᠰ ᠨᠠᠷᠢᠨ ᠳᠦᠷᠢᠮ ᠢ ᠲᠣᠭᠲᠠᠭᠠᠪᠠ ᠃ 

      ᠬᠤᠶᠠᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠳᠤ ᠲᠣᠰ ᠨᠠᠷᠢᠨ ᠳᠦᠷᠢᠮ ᠢ ᠲᠣᠬᠢᠷᠠᠭᠤᠯᠤᠨ ᠬᠡᠷᠡᠭᠯᠡᠨ᠎ᠡ ᠃ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠠᠩᠬᠢ ᠂ ᠦᠨᠡᠲᠦ ᠲᠡᠮᠳᠡᠭᠲᠦ ᠂ ᠳᠠᠭᠠᠳᠬᠠᠯ ᠂ ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠬᠠᠤᠯᠢ ᠪᠤᠰᠤ ᠪᠠᠷ ᠡᠷᠬᠢᠯᠡᠬᠦ ᠲᠤᠬᠠᠢ ᠪᠤᠰᠤᠳ ᠲᠣᠭᠲᠠᠭᠠᠯ ᠪᠠᠶᠢᠪᠠᠯ ᠂ ᠲᠡᠷᠡ ᠬᠦ ᠲᠣᠭᠲᠠᠭᠠᠯ ᠢ ᠵᠢᠷᠤᠮᠯᠠᠨ᠎ᠠ ᠃ 

      ᠭᠤᠷᠪᠠᠳᠤᠭᠠᠷ ᠵᠦᠢᠯ  ᠶᠠᠮᠠᠷᠪᠠ ᠬᠡᠯᠪᠡᠷᠢ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠡ ᠠᠵᠢᠯᠯᠠᠭ᠎ᠠ ᠶᠢ ᠴᠠᠭᠠᠵᠠᠯᠠᠨ᠎ᠠ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠰᠡᠷᠡᠮᠵᠢᠯᠡᠬᠦ ᠪᠠᠷ ᠭᠤᠣᠯᠯᠠᠬᠤ ᠂ ᠡᠷᠲᠡ ᠠᠴᠠ ᠭᠠᠷᠳᠠᠵᠣ ᠪᠠᠭ᠎ᠠ ᠪᠠᠶᠢᠬᠤ ᠳᠤ ᠨᠢ ᠴᠣᠬᠢᠯᠲᠠ ᠥᠭᠬᠦ ᠂ ᠶᠡᠷᠦᠩᠬᠡᠶᠢᠯᠡᠨ ᠵᠠᠰᠠᠬᠤ ᠂ ᠯᠠᠪᠳᠠᠭᠤᠨ ᠢᠶᠠᠷ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠎ᠠ ᠃ 

      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠥᠬᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠤᠭᠰᠠᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠶᠢᠨ ᠬᠢᠨ ᠣᠷᠣᠯᠴᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠃ 

      ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠨᠢ ᠪᠥᠬᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠬᠠᠷᠢᠭᠤᠴᠠᠬᠤ ᠬᠡᠷᠡᠭᠲᠡᠢ ᠃ 

      ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠂ ᠬᠢᠨᠠᠨ ᠰᠢᠨᠵᠢᠵᠦ ᠰᠡᠷᠡᠮᠵᠢᠯᠡᠭᠦᠯᠬᠦ ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠂ ᠰᠡᠭᠦᠯ ᠬᠤᠷᠢᠶᠠᠵᠤ ᠰᠢᠢᠳᠪᠦᠷᠢᠯᠡᠬᠦ ᠂ ᠤᠬᠠᠭᠤᠯᠤᠨ ᠬᠥᠮᠥᠵᠢᠭᠦᠯᠬᠦ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ ᠬᠡᠷᠡᠭᠲᠡᠢ ᠃ 

      ᠳᠡᠭᠡᠳᠦ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠳᠣᠣᠷᠠᠳᠤ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠯᠭᠡᠬᠦ ᠬᠡᠷᠡᠭᠲᠡᠢ ᠃ 

      ᠰᠤᠷᠭᠠᠨ ᠬᠥᠮᠦᠵᠢᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠠᠷᠠᠳ ᠤᠨ ᠶᠠᠪᠤᠳᠠᠯ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠬᠤᠳᠠᠯᠳᠤᠭᠠᠨ ᠤ ᠶᠠᠪᠤᠳᠠᠯ ᠂ ᠰᠣᠶᠣᠯ ᠪᠠ ᠵᠢᠭᠤᠯᠴᠢᠯᠠᠯ ᠂ ᠣᠶ ᠰᠢᠭᠤᠢ ᠪᠠ ᠨᠤᠲᠤᠭ ᠪᠡᠯᠴᠢᠭᠡᠷ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠵᠡᠷᠭᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠂ ᠲᠣᠰ ᠠᠵᠢᠯ ᠲᠥᠷᠥᠯ ᠂ ᠲᠣᠰ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠪᠠ ᠬᠠᠮᠵᠢᠯᠴᠠᠨ ᠰᠢᠢᠳᠪᠦᠷᠢᠯᠡᠬᠦ ᠠᠵᠢᠯ ᠢᠶᠠᠨ ᠬᠠᠷᠢᠭᠤᠴᠠᠬᠤ ᠬᠡᠷᠡᠭᠲᠡᠢ ︔ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠨᠢ ᠠᠵᠢᠯ ᠤᠨ ᠬᠡᠷᠡᠭᠴᠡᠭᠡ ᠱᠠᠭᠠᠷᠳᠠᠯᠭ᠎ᠠ ᠵᠢᠴᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠮᠢᠶ᠎ᠠ ᠪᠦᠬᠦᠢ ᠡᠭᠦᠷᠭᠡ ᠶᠢ ᠡᠭᠦᠷᠭᠡᠯᠡᠬᠦ ᠬᠡᠷᠡᠭᠲᠡᠢ ᠃ 

      ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠶᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ︵ ᠳᠣᠷᠣᠭᠰᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ᠎ᠠ ᠃ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠪᠣᠯᠣᠨ᠎ᠠ ᠃ ᠬᠤᠰᠢᠭᠤ ᠰᠢᠶᠠᠨ ︵ ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠡᠶ᠎ᠡ ᠪᠠᠨ ᠳᠠᠭᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯᠲᠤ ᠬᠠᠮᠢᠶ᠎ᠠ ᠪᠦᠬᠦᠢ ᠪᠠᠶᠢᠭᠤᠯᠤᠮᠵᠢ ᠶᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠬᠡᠮᠡᠨ ᠲᠣᠳᠣᠷᠬᠠᠢ ᠲᠣᠭᠲᠠᠭᠠᠬᠤ ᠬᠡᠷᠡᠭᠲᠡᠢ ᠃ 

      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠦᠷᠦᠭᠦᠯᠡᠨ ᠬᠠᠷᠢᠭᠤᠴᠠᠬᠤ ᠠᠵᠢᠯᠲᠠᠨ ᠢ ᠠᠳᠠᠭ ᠲᠤ ᠪᠠᠨ 1 ᠶᠢ ᠲᠣᠳᠣᠷᠬᠠᠢ ᠲᠣᠭᠲᠠᠭᠠᠵᠤ ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠂ ᠰᠠᠭᠤᠭᠠᠯᠢ ᠠᠷᠠᠳ ᠤᠨ ᠵᠥᠪᠯᠡᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠢᠬᠦ ᠪᠠ ᠰᠦᠪᠡᠭᠴᠢ ᠶᠢ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠯᠭᠡᠬᠦ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠬᠦ ᠶᠢᠨ ᠬᠠᠮᠲᠤ ᠂ ᠳᠡᠭᠡᠳᠦ ᠱᠠᠲᠤᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠢ ᠃ 

      ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠮᠢᠶ᠎ᠠ ᠪᠦᠬᠦᠢ ᠵᠠᠷᠤᠳᠠᠯ ᠢ ᠵᠣᠬᠢᠰᠲᠠᠢ ᠪᠠᠲᠤᠯᠠᠬᠤ ᠶᠢᠨ ᠬᠠᠮᠲᠤ ᠂ ᠲᠤᠰ ᠱᠠᠲᠤᠨ ᠤ ᠲᠥᠰᠥᠪ ᠲᠤ ᠪᠠᠨ ᠣᠷᠣᠭᠤᠯᠬᠤ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠬᠠᠤᠯᠢ ᠬᠡᠷᠡᠭᠵᠢᠭᠦᠯᠬᠦ ᠬᠦᠴᠦᠨ ᠢᠶᠠᠨ ᠴᠢᠩᠭ᠎ᠠ ᠪᠠᠷ ᠲᠣᠬᠢᠷᠠᠭᠤᠯᠤᠨ ᠂ ᠬᠠᠤᠯᠢ ᠬᠡᠷᠡᠭᠵᠢᠭᠦᠯᠬᠦ ᠲᠥᠬᠦᠭᠡᠷᠦᠮᠵᠢ ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠵᠡᠷᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠥᠷᠨᠢᠭᠦᠯᠦᠨ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠬᠠᠤᠯᠢ ᠬᠡᠷᠡᠭᠵᠢᠭᠦᠯᠦᠯᠲᠡ ᠶᠢᠨ ᠵᠢᠷᠣᠮᠵᠢᠭ᠍ᠰᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠬᠤᠯᠪᠤᠭᠠᠯᠠᠨ ᠬᠠᠤᠯᠢ ᠬᠡᠷᠡᠭᠵᠢᠭᠦᠯᠬᠦ ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ ᠃ 

      ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠷᠠᠯᠲᠠ ᠶᠢᠨ ᠰᠢᠯᠭᠠᠨ ᠬᠢᠨᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ ᠂ ᠲᠤᠰ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠰᠠᠯᠠᠭ᠎ᠠ ᠮᠥᠴᠢᠷ ᠂ ᠨᠢᠭᠡᠴᠢ ᠪᠣᠯᠣᠨ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠰᠢᠯᠭᠠᠨ ᠬᠢᠨᠠᠯᠲᠠ ᠶᠢᠨ ᠲᠣᠭᠲᠠᠯᠴᠠᠭ᠎ᠠ ᠳᠤ ᠪᠠᠨ ᠣᠷᠣᠭᠤᠯᠬᠤ ᠬᠡᠷᠡᠭᠲᠡᠢ ᠃ 

      ᠬᠤᠶᠠᠳᠤᠭᠠᠷ ᠪᠦᠯᠦᠭ  ᠰᠡᠷᠡᠮᠵᠢᠯᠡᠬᠦ

      ᠨᠠᠢᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠣᠭᠲᠠᠯᠴᠠᠭ᠎ᠠ ᠳᠤ ᠪᠠᠨ ᠣᠷᠣᠭᠤᠯᠤᠨ ᠂ ᠲᠣᠣᠷᠵᠢᠭᠤᠯᠤᠭᠰᠠᠨ ᠬᠠᠮᠢᠶᠠᠷᠤᠯᠲᠠ ᠪᠠ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠪᠦᠲᠦᠮᠵᠢᠲᠡᠶ ᠬᠡᠷᠡᠭᠯᠡᠨ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠢ ᠃ 

      ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠯᠦᠭᠡ  ᠬᠠᠮᠲᠤᠷᠠᠯᠴᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠂ ᠢᠨᠲ᠋ᠧᠷ ᠰᠦᠯᠵᠢᠶ᠎ᠡ ᠳᠤ ᠢᠯᠡ ᠪᠣᠯᠭᠠᠭᠰᠠᠨ ᠲᠤᠭ᠎ᠠ ᠪᠠᠷᠢᠮᠲᠠ ᠵᠢᠴᠢ ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠶᠢᠨ ᠲᠤᠭ᠎ᠠ ᠪᠠᠷᠢᠮᠲᠠ ᠵᠡᠷᠭᠡ ᠶᠢ ᠪᠦᠲᠦᠮᠵᠢᠲᠡᠶ ᠡᠮᠬᠢᠯᠡᠨ ᠨᠡᠶᠢᠯᠡᠭᠦᠯᠵᠦ ᠂ ᠰᠠᠯᠠᠭ᠎ᠠ ᠮᠥᠴᠢᠷ ᠤᠨ ᠬᠤᠭᠤᠷᠣᠨᠳᠤ ᠂ ᠣᠷᠣᠨ ᠪᠦᠰᠡ ᠶᠢᠨ ᠬᠤᠭᠤᠷᠣᠨᠳᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠮᠡᠳᠡᠭᠡ ᠵᠠᠩᠭᠢ ᠶᠢ ᠪᠦᠷᠢᠳᠬᠡᠬᠦ ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ ᠂ ᠴᠠᠭ ᠲᠤᠬᠠᠢ ᠳᠤ ᠨᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠬᠡᠷᠡᠭᠲᠡᠢ ᠃ 

      ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠵᠣᠯᠭᠠᠭᠤᠯᠤᠨ ᠬᠡᠷᠡᠭᠯᠡᠵᠦ ᠂ ᠨᠥᠬᠦᠴᠡᠯ ᠲᠠᠢ ᠨᠢ ᠲᠣᠰ ᠱᠠᠲᠤᠨ ᠤ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠬᠤ ᠶᠢᠨ ᠬᠠᠮᠲᠤ ᠂ ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ ᠃ 

      ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠡᠳᠦᠷ ᠲᠤᠲᠤᠮ ᠤᠨ ᠬᠢᠨᠠᠨ ᠬᠠᠮᠢᠶᠠᠷᠬᠤ ᠂ ᠮᠡᠷᠭᠡᠵᠢᠯ ᠤᠨ ᠬᠢᠨᠠᠨ ᠰᠢᠨᠵᠢᠬᠦ ᠂ ᠲᠤᠰᠬᠠᠢ ᠵᠦᠢᠯ ᠢᠶᠠᠷ ᠵᠢᠭᠰᠠᠭᠠᠨ ᠪᠠᠶᠢᠴᠠᠭᠠᠬᠤ ᠂ ᠰᠦᠪᠡᠭᠴᠢ ᠶᠢ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠢ ᠃ 

      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠂ ᠰᠠᠭᠤᠭᠠᠯᠢ ᠠᠷᠠᠳ ᠤᠨ ᠵᠥᠪᠯᠡᠯ ᠵᠡᠷᠭᠡ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠣᠣᠷᠠᠯᠵᠢ ᠪᠠᠷ ᠴᠠᠭᠳᠠᠨ ᠪᠠᠶᠢᠴᠠᠭᠠᠬᠤ ᠂ ᠠᠰᠠᠷ ᠲᠠᠭᠲᠤ ᠶᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠬᠠᠷᠢᠭᠤᠴᠠᠵᠤ ᠂ ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠲᠣᠣᠷᠠᠯᠵᠢ ᠶᠢᠨ ᠠᠵᠢᠯᠲᠠᠨ ᠢ ᠤᠬᠠᠭᠤᠯᠵᠤ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ ᠂ ᠤᠷᠮᠠᠰᠢᠭᠤᠯᠬᠤ ᠪᠠᠲᠤᠯᠠᠬᠤ ᠲᠣᠭᠲᠠᠴᠠ ᠪᠠᠨ ᠲᠡᠭᠦᠯᠳᠡᠷᠵᠢᠭᠦᠯᠦᠨ ᠂ ᠲᠣᠣᠷᠠᠯᠵᠢ ᠶᠢᠨ ᠠᠵᠢᠯᠲᠠᠨ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ  ᠰᠡᠷᠡᠮᠵᠢᠯᠡᠬᠦ ᠤᠬᠠᠭᠤᠯᠭ᠎ᠠ ᠬᠢᠬᠦ ᠂ ᠰᠦᠪᠡᠭᠴᠢ ᠶᠢ ᠴᠠᠭᠳᠠᠨ ᠪᠠᠶᠢᠴᠠᠭᠠᠬᠤ ᠪᠠ ᠮᠡᠳᠡᠭᠡ ᠵᠠᠩᠭᠢ ᠪᠠᠨ ᠳᠡᠭᠡᠭᠰᠢ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠯᠭᠡᠬᠦ ᠬᠡᠷᠡᠭᠲᠡᠢ ᠃ 

      ᠶᠢᠰᠦᠳᠦᠭᠡᠷ ᠵᠦᠢᠯ  ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ︽ ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠪᠠ ︽ ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠂ ᠬᠢᠨᠠᠨ ᠬᠠᠮᠢᠶᠠᠷᠬᠤ ᠠᠵᠢᠯ ᠲᠥᠷᠥᠯ ᠳᠠᠬᠢ ᠲᠦᠭᠰᠢᠭᠦᠷᠢ ᠶᠢ ᠵᠠᠪᠠᠯ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠲᠣᠰ ᠠᠵᠢᠯ ᠲᠥᠷᠥᠯ ᠂ ᠲᠣᠰ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠂ ᠲᠣᠰ ᠠᠵᠢᠯ ᠲᠥᠷᠥᠯ ᠂ ᠲᠣᠰ ᠬᠦᠷᠢᠶᠡᠨ ᠤ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠤᠨ ᠬᠤᠷᠢᠶᠠᠩᠭᠤᠶᠢᠯᠠᠵᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠶᠢᠨ ᠰᠦᠪᠡᠭᠴᠢ ᠶᠢᠨ ᠡᠬᠡ ᠲᠠᠩᠰᠠ ᠶᠢ  ᠪᠠᠶᠢᠭᠤᠯᠬᠤ ᠬᠡᠷᠡᠭᠲᠡᠢ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢᠨ ᠰᠦᠪᠡᠭᠴᠢ ᠶᠢ ᠣᠯᠵᠤ ᠮᠡᠳᠡᠪᠡᠯ ᠂ ᠠᠵᠢᠯ ᠤᠨ ᠲᠡᠮᠳᠡᠭᠯᠡᠯ ᠢ ᠰᠠᠶᠢᠲᠤᠷ ᠬᠢᠵᠦ ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠴᠤᠭᠯᠠᠭᠤᠯᠬᠤ ᠪᠠ ᠪᠦᠷᠢᠨ ᠪᠦᠲᠦᠨ ᠪᠠᠶᠢᠬᠤ ᠶᠢ ᠨᠢ ᠪᠠᠲᠤᠯᠠᠵᠤ ᠂ ᠠᠩᠬ᠎ᠠ ᠠᠯᠬᠤᠮ ᠬᠠᠷᠭᠤᠭᠤᠯᠤᠨ ᠪᠠᠶᠢᠴᠠᠭᠠᠭᠰᠠᠨ ᠪᠠ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ ᠠᠳᠠᠯᠢ ᠱᠠᠲᠤᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ ᠃ 

      ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠢ ᠲᠣᠭᠲᠠᠭᠠᠭᠰᠠᠨ ᠦᠭᠡᠢ ᠠᠵᠢᠯ ᠲᠥᠷᠥᠯ ᠤᠨ ᠬᠦᠷᠢᠶᠡᠨ ᠳᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠲᠣ ᠶᠢᠨ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠯᠭᠡᠬᠦ ᠬᠡᠷᠡᠭᠲᠡᠢ ᠃ 

      ᠠᠷᠪᠠᠳᠤᠭᠠᠷ ᠵᠦᠢᠯ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ ᠬᠡᠪᠴᠢᠶ᠎ᠡ ᠵᠡᠷᠭᠡ ᠶᠢ ᠳᠠᠩᠰᠠᠯᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ ᠃ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠠᠴᠠ ᠭᠠᠳᠠᠨ᠎ᠠ ᠂ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ ᠬᠡᠪᠴᠢᠶᠡᠨ ᠳᠤ ︽ᠮᠥᠩᠭᠦᠨ ᠭᠦᠢᠯᠭᠡᠭᠡ︾ ︽ᠠᠷᠠᠯᠵᠢᠶᠠᠨ ᠤ ᠭᠠᠵᠠᠷ︾ ︽ᠠᠷᠠᠯᠵᠢᠶᠠᠨ ᠤ ᠲᠥᠪ︾ ︽ᠡᠳ᠋ ᠡᠷᠬᠢᠯᠡᠬᠦ ᠮᠥᠩᠭᠦ ᠦᠷᠡᠵᠢᠭᠦᠯᠬᠦ︾ ︽ᠡᠳ᠋ ᠪᠠᠶᠠᠯᠢᠭ ᠤᠨ ᠬᠠᠮᠢᠶᠠᠷᠤᠯᠲᠠ︾ ︽ᠰᠲ᠋ᠣᠺ ᠤᠨ ᠡᠷᠬᠡ ᠶᠢᠨ ᠤᠯᠠᠨ ᠤ ᠬᠤᠷᠠᠮᠳᠤᠯᠭ᠎ᠠ︾ ᠵᠡᠷᠭᠡ ᠦᠰᠦᠭ ᠪᠤᠶᠤ ᠠᠭᠤᠯᠭ᠎ᠠ ᠠᠭᠤᠯᠵᠣ ᠪᠣᠯᠬᠤ ᠦᠭᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠨᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ ᠂ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠤᠶᠤ ᠡᠵᠡᠩᠨᠡᠯᠲᠡ ᠶᠢᠨ ᠬᠡᠪᠴᠢᠶᠡᠨ ᠳᠤ ᠡᠮᠦᠨᠡᠬᠢ ᠪᠠᠳᠠᠭ ᠲᠤ ᠲᠣᠭᠲᠠᠭᠠᠭᠰᠠᠨ ᠥᠰᠥᠭ ᠪᠤᠶᠤ ᠠᠭᠤᠯᠭ᠎ᠠ ᠵᠢᠴᠢ ᠪᠡᠯᠡ ᠴᠤᠭᠯᠠᠭᠤᠯᠬᠤ ᠳᠤ ᠬᠤᠯᠪᠣᠭᠳᠠᠬᠤ ᠪᠤᠰᠤᠳ ᠥᠰᠥᠭ ᠪᠤᠶᠤ ᠠᠭᠤᠯᠭ᠎ᠠ ᠠᠭᠤᠯᠵᠣ ᠪᠠᠶᠢᠬᠤ ᠶᠢ ᠣᠯᠵᠤ ᠮᠡᠳᠡᠪᠡᠯ ᠂ ᠴᠠᠭ ᠲᠤᠬᠠᠢ ᠳᠤ ᠨᠢ ᠭᠤᠣᠯᠳᠠᠯᠭ᠎ᠠ ᠲᠠᠢ ᠠᠩᠬᠠᠷᠤᠨ ᠂ ᠬᠠᠤᠯᠢ ᠲᠣᠭᠲᠠᠭᠠᠯ ᠶᠣᠰᠣᠭᠠᠷ ᠬᠠᠮᠢᠶᠠᠷᠴᠤ ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ ᠂ ᠣᠳᠣ ᠪᠠᠶᠢᠭ᠎ᠠ ᠶᠢ ᠨᠢ ᠲᠥᠷᠥᠯ ᠬᠤᠪᠢᠶᠠᠨ ᠯᠠᠪᠳᠠᠭᠤᠨ ᠪᠠᠲᠤᠲᠠᠢ ᠰᠢᠢᠳᠪᠦᠷᠢᠯᠡᠵᠦ ᠂ ᠲᠦᠭᠰᠢᠭᠦᠷᠢ ᠶᠢᠨ ᠬᠡᠮ ᠢ ᠪᠦᠲᠦᠮᠵᠢᠲᠡᠶ ᠠᠷᠢᠯᠭᠠᠬᠤ ᠬᠡᠷᠡᠭᠲᠡᠢ ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶᠢᠪᠠᠯ ᠂ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ ᠃ 

      ᠠᠷᠪᠠᠨ ᠨᠢᠭᠡᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠᠷ ᠰᠡᠵᠢᠭᠯᠡᠭᠳᠡᠭᠰᠡᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ ᠰᠦᠯᠵᠢᠶᠡᠨ ᠦᠷᠲᠡᠭᠡ ᠂ ᠰᠢᠯᠵᠢᠮᠡᠯ ᠬᠡᠷᠡᠭᠯᠡᠯᠲᠡ ᠶᠢᠨ ᠫᠷᠣᠭ᠍ᠷᠠᠮ ᠵᠡᠷᠭᠡ ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠢ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠡᠷᠡᠭᠯᠡᠭᠰᠡᠨ ᠢᠶᠠᠷ ᠮᠠᠭᠠᠳᠯᠠᠨ ᠲᠣᠭᠲᠠᠭᠠᠭᠰᠠᠨ ᠢ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠴᠠᠬᠢᠯᠭᠠᠨ ᠬᠤᠯᠪᠣᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ ᠃ 

      ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠪᠠ ᠰᠢᠯᠵᠢᠮᠡᠯ ᠬᠡᠷᠡᠭᠯᠡᠯᠲᠡ ᠶᠢᠨ ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠬᠡᠷᠡᠭᠯᠡᠭᠴᠢ ᠶᠢᠨ ᠨᠡᠶᠢᠲᠡᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠰᠡᠵᠢᠭᠯᠡᠯᠲᠡᠢ ᠮᠡᠳᠡᠭᠡ ᠵᠠᠩᠭᠢ ᠶᠢ ᠦᠢᠯᠡᠳᠴᠦ ᠂ ᠬᠠᠭᠤᠯᠪᠤᠷᠢᠯᠠᠵᠤ ᠂ ᠨᠡᠶᠢᠲᠡᠯᠡᠵᠦ ᠂ ᠲᠠᠷᠬᠠᠭᠠᠵᠤ ᠪᠣᠯᠬᠤ ᠦᠭᠡᠢ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠰᠡᠵᠢᠭᠯᠡᠯᠲᠡᠢ ᠮᠡᠳᠡᠭᠡ ᠵᠠᠩᠭᠢ ᠶᠢ ᠣᠯᠵᠤ ᠮᠡᠳᠡᠪᠡᠯ ᠂ ᠬᠤᠯᠪᠣᠭᠳᠠᠯ ᠪᠦᠬᠦᠢ ᠲᠡᠮᠳᠡᠭᠯᠡᠯ ᠢ ᠬᠠᠳᠠᠭᠠᠯᠠᠬᠤ ᠶᠢᠨ ᠬᠠᠮᠲᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃ 

      ᠠᠷᠪᠠᠨ ᠬᠤᠶᠠᠳᠤᠭᠠᠷ ᠵᠦᠢᠯ  ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠠᠴᠠ ᠭᠠᠳᠠᠨ᠎ᠠ ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠪᠡᠯᠡ ᠴᠤᠭᠯᠠᠭᠤᠯᠬᠤ ᠠᠭᠤᠯᠭ᠎ᠠ ᠠᠭᠤᠯᠤᠭᠰᠠᠨ ᠵᠠᠷ ᠮᠡᠳᠡᠭᠡ ᠨᠡᠶᠢᠲᠡᠯᠡᠬᠦ ᠪᠤᠶᠤ ᠪᠤᠰᠤᠳ ᠠᠷᠭ᠎ᠠ ᠪᠠᠷ ᠨᠡᠶᠢᠭᠡᠮ ᠨᠡᠶᠢᠲᠡ ᠳᠤ ᠪᠡᠯᠡ ᠴᠤᠭᠯᠠᠭᠤᠯᠬᠤ ᠤᠬᠠᠭᠤᠯᠭ᠎ᠠ ᠬᠢᠵᠦ ᠪᠣᠯᠬᠤ ᠦᠭᠡᠢ ᠃ 

      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠵᠠᠷ ᠮᠡᠳᠡᠭᠡ ᠶᠢ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠢ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠮᠠᠭᠠᠳᠯᠠᠨ ᠲᠣᠭᠲᠠᠭᠠᠭᠰᠠᠨ ᠪᠣᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠠᠮᠢᠶ᠎ᠠ ᠪᠦᠬᠦᠢ ᠵᠠᠷ ᠮᠡᠳᠡᠭᠡ ᠶᠢ ᠴᠠᠭ ᠲᠤᠬᠠᠢ ᠳᠤ ᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ 

      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠷ ᠮᠡᠳᠡᠭᠡ ᠡᠵᠡᠩᠨᠡᠭᠴᠢ ᠂ ᠵᠠᠷ ᠮᠡᠳᠡᠭᠡ ᠨᠡᠶᠢᠲᠡᠯᠡᠭᠴᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠢ ᠪᠠᠶᠢᠴᠠᠭᠠᠨ ᠰᠢᠯᠭᠠᠵᠤ ᠂ ᠵᠠᠷ ᠮᠡᠳᠡᠭᠡ ᠶᠢᠨ ᠠᠭᠤᠯᠭ᠎ᠠ ᠶᠢ ᠨᠢ ᠬᠠᠷᠭᠤᠭᠤᠯᠬᠤ ᠬᠡᠷᠡᠭᠲᠡᠢ ᠃ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠪᠠᠶᠢᠬᠤ ᠦᠭᠡᠢ ᠮᠥᠷᠲᠡᠭᠡᠨ ᠪᠡᠯᠡ ᠴᠤᠭᠯᠠᠭᠤᠯᠬᠤ ᠠᠭᠤᠯᠭ᠎ᠠ ᠠᠭᠤᠯᠤᠭᠰᠠᠨ ᠵᠠᠷ ᠮᠡᠳᠡᠭᠡ ᠶᠢ ᠪᠣᠯ ᠂ ᠵᠠᠷ ᠮᠡᠳᠡᠭᠡ ᠡᠵᠡᠩᠨᠡᠭᠴᠢ ᠵᠢᠷᠤᠵᠤ ᠲᠥᠯᠥᠪᠯᠡᠬᠦ ᠂ ᠦᠢᠯᠡᠳᠬᠦ ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ ᠪᠣᠯᠬᠤ ᠦᠭᠡᠢ ᠂ ᠵᠠᠷ ᠮᠡᠳᠡᠭᠡ ᠨᠡᠶᠢᠲᠡᠯᠡᠭᠴᠢ ᠨᠡᠶᠢᠲᠡᠯᠡᠵᠦ ᠪᠣᠯᠬᠤ ᠦᠭᠡᠢ ᠃ 

      ᠠᠷᠪᠠᠨ ᠭᠤᠷᠪᠠᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ   ᠨᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠯᠤᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠶᠢ ᠬᠢᠨᠠᠨ ᠰᠢᠨᠵᠢᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ 

      ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠪᠡᠯᠡ ᠮᠥᠩᠭᠦ ᠶᠢᠨ ᠬᠡᠪ ᠤᠨ ᠪᠤᠰᠤ ᠡᠷᠭᠢᠯᠲᠡ ᠶᠢᠨ ᠪᠠᠶᠢᠳᠠᠯ ᠵᠢᠴᠢ ᠪᠤᠰᠤᠳ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠶᠢ ᠬᠢᠨᠠᠨ ᠰᠢᠨᠵᠢᠬᠦ ᠠᠵᠢᠯ ᠢᠶᠠᠨ ᠴᠢᠩᠭᠠᠳᠬᠠᠬᠤ ᠬᠡᠷᠡᠭᠲᠡᠢ ᠃ 

      ᠠᠷᠪᠠᠨ ᠳᠥᠷᠪᠡᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠳᠣᠣᠷ᠎ᠠ ᠵᠢᠭᠰᠠᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠡᠭᠦᠷᠭᠡ ᠶᠢ ᠭᠦᠢᠴᠡᠳᠬᠡᠭᠦᠯᠬᠦ ᠬᠡᠷᠡᠭᠲᠡᠢ ᠄

      ︵ᠨᠢᠭᠡ︶ ᠳᠣᠲᠣᠭᠠᠳᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠬᠤᠪᠢᠶᠠᠷᠢ ᠪᠠᠶᠢᠭᠤᠯᠤᠮᠵᠢ ᠪᠠ ᠠᠵᠢᠯᠲᠠᠨ ᠠᠵᠢᠯᠴᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠬᠤ ᠶᠢ ᠴᠠᠭᠠᠵᠠᠯᠠᠵᠤ ᠂ ᠪᠤᠰᠤᠳ ᠬᠥᠮᠥᠨ ᠡᠵᠡᠩᠨᠡᠯᠲᠡ ᠶᠢᠨ ᠲᠠᠯᠠᠪᠤᠷ ᠭᠠᠵᠠᠷ ᠂ ᠪᠣᠷᠤᠯᠠᠭᠤᠯᠭ᠎ᠠ ᠶᠢᠨ ᠠᠷᠭ᠎ᠠ ᠵᠠᠮ ᠢ ᠨᠢ ᠠᠰᠢᠭᠯᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠬᠡᠷᠡᠭᠲᠡᠢ ︔ 

      ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠲᠠᠯ᠎ᠠ ᠪᠠᠷ ᠨᠡᠶᠢᠭᠡᠮ ᠨᠡᠶᠢᠲᠡ ᠳᠤ ᠤᠬᠠᠭᠤᠯᠭ᠎ᠠ ᠬᠥᠮᠦᠵᠢᠯ ᠬᠢᠬᠦ ᠪᠠᠨ ᠴᠢᠩᠭᠠᠳᠬᠠᠵᠤ ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡ ᠭᠠᠵᠠᠷ ᠲᠤ ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠦᠭᠡᠭᠡᠨ ᠲᠠᠷᠬᠠᠭᠠᠬᠤ ᠬᠡᠷᠡᠭᠲᠡᠢ ︔ 

      ︵ᠭᠤᠷᠪᠠ︶ ᠶᠡᠭᠡ ᠲᠣᠭᠠᠨ ᠤ ᠠᠷᠠᠯᠵᠢᠶ᠎ᠠ ᠪᠠ ᠰᠡᠵᠢᠭᠯᠡᠯᠲᠡᠢ ᠠᠷᠠᠯᠵᠢᠶ᠎ᠠ ᠶᠢ ᠮᠡᠳᠡᠭᠦᠯᠬᠦ ᠳᠦᠷᠢᠮ ᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠶᠢᠨ ᠬᠡᠪ ᠤᠨ ᠪᠤᠰᠤ ᠡᠷᠭᠢᠯᠲᠡ ᠲᠠᠢ ᠬᠠᠮᠢᠶ᠎ᠠ ᠪᠦᠬᠦᠢ ᠲᠠᠩᠰᠠᠨ ᠡᠷᠦᠬᠡ ᠳᠤ ᠵᠠᠳᠠᠯᠤᠯᠲᠠ ᠬᠢᠵᠦ ᠢᠯᠭᠠᠨ ᠲᠠᠨᠢᠬᠤ ᠶᠢᠨ ᠬᠠᠮᠲᠤ ᠂ ᠬᠤᠯᠪᠣᠭᠳᠠᠯ ᠪᠦᠬᠦᠢ ᠪᠠᠶᠢᠳᠠᠯ ᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃ 

      ᠠᠷᠪᠠᠨ ᠲᠠᠪᠤᠳᠤᠭᠠᠷ ᠵᠦᠢᠯ  ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠦᠷᠦᠯ ᠤᠨ ᠨᠡᠶᠢᠭᠡᠮᠯᠢᠭ ᠂ ᠬᠤᠳᠠᠯᠳᠤᠭᠠᠴᠢᠳ ᠤᠨ ᠡᠪᠯᠡᠯ ᠢ ᠵᠢᠯᠣᠭᠤᠳᠤᠨ ᠠᠵᠢᠯ ᠲᠦᠷᠦᠯ ᠤᠨ ᠪᠠᠷᠢᠮᠵᠢᠶ᠎ᠠ ᠪᠠ ᠥᠪᠡᠷ ᠢ ᠪᠠᠨ ᠱᠠᠭᠠᠷᠳᠠᠬᠤ ᠳᠦᠷᠢᠮ ᠳᠤ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠠᠭᠤᠯᠭ᠎ᠠ ᠶᠢ ᠨᠢ ᠲᠣᠳᠣᠷᠬᠠᠢ ᠲᠣᠭᠲᠠᠭᠠᠯᠭᠠᠵᠤ ᠂ ᠲᠦᠭᠰᠢᠭᠦᠷᠢ ᠶᠢ ᠰᠡᠷᠡᠮᠵᠢᠯᠡᠬᠦ ᠬᠥᠮᠦᠵᠢᠯ ᠥᠷᠨᠢᠭᠦᠯᠵᠦ ᠂ ᠭᠡᠰᠢᠭᠦᠳ ᠢᠶᠠᠨ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠢᠳᠡᠪᠬᠢᠲᠡᠢ ᠰᠡᠷᠡᠮᠵᠢᠯᠡᠵᠦ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠵᠣᠬᠢᠶᠠᠨ ᠪᠠᠶᠢᠭᠤᠯᠬᠤ ᠦᠭᠡᠢ ᠮᠥᠷᠲᠡᠭᠡᠨ ᠡᠨᠡ ᠬᠦ ᠦᠢᠯᠡ ᠳᠤ ᠬᠠᠮᠵᠢᠯᠴᠠᠬᠤ ᠦᠭᠡᠢ ᠂ ᠣᠷᠣᠯᠴᠠᠬᠤ ᠦᠭᠡᠢ ᠪᠠᠶᠢᠬᠤ ᠬᠡᠷᠡᠭᠲᠡᠢ ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠮᠡᠳᠡᠭᠡ ᠵᠠᠩᠭᠢ ᠶᠢ ᠣᠯᠵᠤ ᠮᠡᠳᠡᠪᠡᠯ ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃ 

      ᠠᠷᠪᠠᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠵᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ ᠂ ᠤᠬᠠᠭᠤᠯᠭ᠎ᠠ ᠶᠢᠨ ᠲᠥᠯᠥᠪᠯᠡᠭᠡ ᠲᠣᠭᠲᠠᠭᠠᠵᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠪᠠᠶᠢᠩᠭᠤ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠡᠯ᠎ᠡ ᠲᠥᠷᠥᠯ ᠤᠨ ᠵᠠᠭᠤᠴᠢᠯᠠᠭᠤᠷ ᠪᠤᠶᠤ ᠠᠴᠢᠶᠠᠯᠠᠪᠤᠷᠢ ᠶᠢ ᠭᠦᠢᠴᠡᠳ ᠬᠡᠷᠡᠭᠯᠡᠨ ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠪᠣᠯᠪᠠᠰᠤᠷᠠᠯ ᠬᠦᠷᠲᠡᠭᠡᠬᠦ ᠵᠡᠷᠭᠡ ᠠᠷᠭ᠎ᠠ ᠪᠠᠷ ᠨᠡᠶᠢᠭᠡᠮ ᠨᠡᠶᠢᠲᠡ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠬᠠᠤᠯᠢ ᠠᠴᠠ ᠵᠥᠷᠢᠴᠡᠬᠦ ᠴᠢᠨᠠᠷ ᠂ ᠬᠤᠣᠷ ᠬᠥᠨᠥᠭᠡᠯᠳᠦ ᠴᠢᠨᠠᠷ ᠵᠢᠴᠢ ᠲᠡᠭᠦᠨ ᠤ ᠢᠯᠡᠷᠡᠬᠦ ᠬᠡᠯᠪᠡᠷᠢ ᠵᠡᠷᠭᠡ ᠶᠢ ᠤᠬᠠᠭᠤᠯᠵᠤ ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠃ 

      ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠨᠡᠶᠢᠭᠡᠮᠯᠢᠭ ᠂ ᠬᠤᠳᠠᠯᠳᠤᠭᠠᠴᠢᠳ ᠤᠨ ᠡᠪᠯᠡᠯ ᠨᠢ ᠲᠣᠰ ᠠᠵᠢᠯ ᠲᠥᠷᠥᠯ ᠂ ᠲᠣᠰ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠬᠦ ᠬᠡᠷᠡᠭᠲᠡᠢ ᠃ 

      ᠤᠬᠠᠭᠤᠯᠬᠤ ᠰᠠᠯᠠᠭ᠎ᠠ ᠮᠥᠴᠢᠷ ᠨᠢ ᠰᠣᠨᠢᠨ ᠮᠡᠳᠡᠭᠡᠨ ᠤ ᠵᠠᠭᠤᠴᠢᠯᠠᠭᠤᠷ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠤᠨ ᠭᠤᠣᠯ ᠪᠣᠯᠬᠤ ᠰᠣᠨᠢᠨ ᠰᠡᠳᠬᠦᠯ ᠂ ᠷᠠᠳᠢᠣ᠋ ᠂ ᠲᠧᠯᠸᠢᠰ ᠂ ᠭᠤᠣᠯ ᠪᠣᠯᠬᠤ ᠰᠣᠨᠢᠨ ᠮᠡᠳᠡᠭᠡᠨ ᠤ ᠰᠦᠯᠵᠢᠶ᠎ᠡ ᠵᠢᠴᠢ ᠰᠢᠨ᠎ᠡ ᠮᠠᠶ᠋ᠢᠭ ᠤᠨ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠤᠯᠢ ᠶᠣᠰᠣᠭᠠᠷ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠢ ᠃ 

      ᠠᠷᠪᠠᠨ ᠳᠣᠯᠣᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠳᠤ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠬᠦ ᠤᠲᠠᠰᠤ ᠪᠠ ᠰᠢᠤᠳᠠᠨ ᠵᠡᠷᠭᠡ ᠢᠯᠡᠴᠢᠯᠡᠨ ᠮᠡᠳᠡᠭᠦᠯᠬᠦ ᠠᠷᠭ᠎ᠠ ᠪᠠᠨ ᠢᠯᠡ ᠪᠣᠯᠭᠠᠵᠤ ᠂ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠳᠤ ᠢᠯᠡᠴᠢᠯᠡᠨ ᠮᠡᠳᠡᠭᠦᠯᠬᠦ ᠲᠤᠰᠬᠠᠢ ᠪᠤᠯᠤᠩ ᠭᠠᠷᠭᠠᠨ ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠂ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠵᠦ ᠂ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ ᠃ ᠨᠥᠬᠦᠴᠡᠯ ᠳᠤ ᠨᠡᠶᠢᠴᠡᠭᠰᠡᠨ ᠢᠯᠡᠴᠢᠯᠡᠨ ᠮᠡᠳᠡᠭᠦᠯᠦᠯᠲᠡ ᠶᠢ ᠱᠠᠩᠨᠠᠨ ᠬᠥᠬᠢᠭᠦᠯᠬᠦ ᠶᠢ ᠵᠣᠷᠢᠭᠵᠢᠭᠤᠯᠤᠨ᠎ᠠ ᠃ 

      ᠠᠷᠪᠠᠨ ᠨᠠᠢᠮᠠᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠪᠤᠶᠤ ᠲᠣᠰ ᠠᠵᠢᠯ ᠲᠥᠷᠥᠯ ᠂ ᠲᠣᠰ ᠬᠦᠷᠢᠶᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠣᠷᠣᠰᠢᠬᠤ ᠪᠣᠯᠣᠮᠵᠢ ᠲᠠᠢ ᠶᠢ ᠣᠯᠵᠤ ᠮᠡᠳᠡᠪᠡᠯ ᠂ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠥᠨ ᠲᠠᠢ ᠰᠡᠷᠡᠮᠵᠢᠯᠡᠭᠦᠯᠦᠨ ᠪᠣᠯᠵᠣᠨ ᠶᠠᠷᠢᠯᠴᠠᠵᠤ ᠂ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠡᠷᠬᠡ ᠲᠠᠢ ᠃ ᠰᠡᠷᠡᠮᠵᠢᠯᠡᠭᠦᠯᠬᠦ ᠪᠠᠷ ᠪᠣᠯᠵᠣᠨ ᠶᠠᠷᠢᠯᠴᠠᠬᠤ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰᠠᠭᠠᠷ ᠢᠶᠠᠷ ᠢᠶᠠᠨ ᠪᠤᠶᠤ ᠬᠠᠮᠲᠤᠷᠠᠨ ᠥᠷᠨᠢᠭᠦᠯᠵᠦ ᠪᠣᠯᠣᠨ᠎ᠠ ᠃ 

      ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠠᠭᠠᠷ ᠢᠶᠠᠷ ᠢᠶᠠᠨ ᠪᠣᠯᠵᠣᠨ ᠶᠠᠷᠢᠯᠴᠠᠭᠰᠠᠨ ᠪᠠᠶᠢᠳᠠᠯ ᠵᠢᠴᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠲᠦᠷᠦᠭᠦᠯᠡᠨ ᠰᠢᠢᠳᠪᠦᠷᠢᠯᠡᠬᠦ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃ 

      ᠠᠷᠪᠠ ᠶᠢᠰᠦᠳᠦᠭᠡᠷ ᠵᠦᠢᠯ  ᠴᠤᠬᠤᠶᠢᠯᠲᠠ ᠶᠢᠨ ᠴᠢᠨᠠᠷᠲᠠᠢ ᠂ ᠬᠡᠯᠪᠡᠷᠢᠯ ᠤᠨ ᠴᠢᠨᠠᠷᠲᠠᠢ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠳᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠢᠯᠡᠷᠡᠬᠦ ᠬᠡᠯᠪᠡᠷᠢ ᠂ ᠪᠣᠳᠠᠲᠠᠢ ᠣᠨᠴᠠᠯᠢᠭ ᠪᠠ ᠬᠤᠣᠷ ᠬᠥᠨᠥᠭᠡᠯᠳᠦ ᠴᠢᠨᠠᠷ ᠵᠡᠷᠭᠡ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤ ᠨᠢ ᠨᠡᠶᠢᠭᠡᠮ ᠳᠤ ᠨᠡᠪᠲᠡᠷᠡᠭᠦᠯᠦᠨ ᠮᠡᠳᠡᠭᠡᠯᠡᠵᠦ ᠂ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠰᠠᠨᠠᠭᠤᠯᠤᠮᠵᠢ ᠥᠭᠬᠦ ᠬᠡᠷᠡᠭᠲᠡᠢ ᠃ 

      ᠬᠤᠷᠢᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠮᠡᠳᠡᠭᠡ ᠵᠠᠩᠭᠢ ᠶᠢ ᠴᠤᠭᠯᠠᠭᠤᠯᠤᠨ ᠳᠠᠩᠰᠠᠯᠠᠬᠤ ᠳᠦᠷᠢᠮ ᠢ ᠪᠠᠶᠢᠭᠤᠯᠵᠤ ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠡᠯ᠎ᠡ ᠲᠥᠷᠥᠯ ᠤᠨ ᠬᠡᠷᠡᠭ ᠂ ᠰᠦᠪᠡᠭᠴᠢ ᠵᠡᠷᠭᠡ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠵᠦ ᠂ ᠠᠵᠢᠯ ᠤᠨ ᠡᠬᠡ ᠲᠠᠩᠰᠠ ᠪᠠᠶᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠳᠡᠭᠡᠳᠦ ᠨᠢᠭᠡ ᠱᠠᠲᠤᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ ᠃ 

      ᠭᠤᠷᠪᠠᠳᠤᠭᠠᠷ ᠪᠦᠯᠦᠭ   ᠪᠠᠶᠢᠴᠠᠭᠠᠬᠤ ᠪᠠ ᠰᠢᠢᠳᠪᠦᠷᠢᠯᠡᠬᠦ

      ᠬᠤᠷᠢᠨ ᠨᠢᠭᠡᠳᠦᠭᠡᠷ ᠵᠦᠢᠯ  ᠳᠣᠣᠷ᠎ᠠ ᠵᠢᠭᠰᠠᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠳᠤ ᠂ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠬᠡᠷᠡᠭᠲᠡᠢ ᠄

      ︵ᠨᠢᠭᠡ︶ ᠢᠨᠲ᠋ᠧᠷ ᠰᠦᠯᠵᠢᠶᠡᠨ ᠤ ᠠᠵᠤ ᠠᠬᠤᠶᠢᠯᠠᠯ ᠂ ᠪᠡᠯᠡ ᠣᠷᠣᠭᠤᠯᠤᠯᠲᠠ ᠵᠢᠴᠢ ᠪᠡᠯᠡ ᠣᠷᠣᠭᠤᠯᠤᠯᠲᠠ ᠶᠢᠨ ᠵᠥᠪᠯᠡᠮᠵᠢ ᠶᠢᠨ ᠲᠦᠷᠦᠯ ᠤᠨ ᠠᠵᠤ ᠠᠬᠤᠶᠢᠯᠠᠯ ᠂ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠪᠤᠶᠤ ᠲᠠᠪᠴᠠᠩ ᠂ ᠲᠠᠷᠢᠶᠠᠴᠢᠨ ᠤ ᠲᠤᠰᠬᠠᠢ ᠬᠤᠷᠰᠢᠶᠠᠵᠢᠯ ᠂ ᠪᠡᠯᠡ ᠮᠥᠩᠭᠦ ᠶᠢᠨ ᠬᠠᠪᠰᠤᠷᠤᠯᠴᠠᠬᠤ ᠵᠣᠬᠢᠶᠠᠨ ᠪᠠᠶᠢᠭᠤᠯᠤᠯᠲᠠ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠡᠯᠡ ᠮᠥᠩᠭᠦ ᠰᠢᠩᠭᠡᠬᠡᠨ ᠠᠪᠬᠤ ︔ 

      ︵ᠬᠤᠶᠠᠷ︶ ᠰᠲ᠋ᠣᠺ ᠤᠨ ᠡᠷᠬᠡ ᠂ ᠠᠪᠴᠠᠭᠠᠨ ᠤ ᠡᠷᠬᠡ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠪᠠᠷ ᠰᠠᠭᠤᠷᠢ ᠮᠥᠩᠭᠦ ᠴᠤᠭᠯᠠᠭᠤᠯᠬᠤ ᠂ ᠳᠠᠭᠠᠳᠬᠠᠯ ᠤᠨ ᠦᠢᠯᠡᠳᠬᠦᠨ ᠪᠣᠷᠣᠯᠠᠭᠤᠯᠬᠤ ᠂ ᠡᠰᠡᠬᠦᠯ᠎ᠡ ᠡᠯ᠎ᠡ ᠲᠦᠷᠦᠯ ᠤᠨ ᠪᠡᠯᠡ ᠬᠥᠷᠥᠩᠭᠡ ᠶᠢᠨ ᠬᠠᠮᠢᠶᠠᠷᠤᠯᠲᠠ ᠂ ᠬᠡᠶᠢᠰᠪᠦᠷᠢ ᠵᠣᠭᠤᠰ ᠮᠥᠩᠭᠦ ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠲᠤᠬᠠᠶᠢᠯᠠᠭᠰᠠᠨ ᠠᠵᠢᠯ ᠡᠷᠬᠢᠯᠡᠬᠦ ᠵᠡᠷᠭᠡ ᠨᠡᠷ᠎ᠡ ᠪᠠᠷ ᠪᠡᠯᠡ ᠮᠥᠩᠭᠦ ᠰᠢᠩᠭᠡᠬᠡᠨ ᠠᠪᠬᠤ ︔ 

      ︵ᠭᠤᠷᠪᠠ︶ ᠲᠠᠸᠠᠷ ᠪᠣᠷᠣᠯᠠᠭᠤᠯᠬᠤ ᠂ ᠦᠢᠯᠡᠴᠢᠯᠡᠭᠡ ᠬᠠᠩᠭᠠᠬᠤ ᠂ ᠲᠥᠷᠥᠯ ᠵᠦᠢᠯ ᠳᠤ ᠪᠡᠯᠡ ᠣᠷᠣᠭᠤᠯᠣᠯᠳᠡ ᠬᠢᠬᠦ ᠵᠡᠷᠭᠡ ᠬᠤᠳᠠᠯᠳᠤᠭᠠᠨ ᠤ ᠠᠵᠢᠯᠯᠠᠭ᠎ᠠ ᠳᠤᠮᠳᠠ ᠂ ᠵᠣᠭᠤᠰ ᠂ ᠰᠲ᠋ᠣᠺ ᠤᠨ ᠡᠷᠬᠡ ᠂ ᠪᠣᠳᠠᠲᠤ ᠶᠠᠭᠤᠮ᠎ᠠ ᠵᠡᠷᠭᠡ ᠶᠢᠨ ᠬᠠᠷᠠᠮᠵᠢ ᠥᠭᠭᠦᠨ᠎ᠡ ᠭᠡᠵᠦ ᠠᠮᠠᠯᠠᠬᠤ ᠬᠡᠯᠪᠡᠷᠢ ᠪᠠᠷ ᠪᠡᠯᠡ ᠮᠥᠩᠭᠦ ᠰᠢᠩᠭᠡᠬᠡᠨ ᠠᠪᠬᠤ ︔ 

      ︵ᠳᠥᠷᠪᠡ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠵᠦ ᠂ ᠤᠯᠠᠨ ᠨᠡᠶᠢᠲᠡ ᠶᠢᠨ ᠵᠠᠭᠤᠴᠢᠯᠠᠭᠤᠷ ᠂ ᠳᠠᠷᠤᠢ ᠲᠦᠷᠭᠡᠨ ᠴᠢᠮᠡᠭᠡ ᠨᠡᠪᠲᠡᠷᠡᠬᠦ ᠪᠠᠭᠠᠵᠢ ᠪᠤᠶᠤ ᠪᠤᠰᠤᠳ ᠠᠷᠭ᠎ᠠ ᠪᠠᠷ ᠪᠡᠯᠡ ᠮᠥᠩᠭᠦ ᠰᠢᠩᠭᠡᠬᠡᠨ ᠠᠪᠤᠭᠰᠠᠨ ᠮᠡᠳᠡᠭᠡ ᠵᠠᠩᠭᠢ ᠶᠢ ᠢᠯᠡ ᠪᠠᠷ ᠤᠯᠠᠮᠵᠢᠯᠠᠨ ᠲᠠᠷᠬᠠᠭᠠᠬᠤ ︔ 

      ︵ᠲᠠᠪᠤ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠤᠰᠤᠳ ᠦᠢᠯᠨ ᠠᠵᠢᠯᠯᠠᠭ᠎ᠠ ᠃ 

      ᠬᠤᠷᠢᠨ ᠬᠤᠶᠠᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠳᠤ ᠂ ᠦᠶᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠬᠡᠷᠡᠭᠲᠡᠢ ᠃ 

      ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠶᠯᠡ ᠠᠵᠢᠯᠯᠠᠭ᠎ᠠ ᠳᠤ ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠨᠢᠭᠡᠴᠢ ᠪᠠᠶᠢᠪᠠᠯ ᠂ ᠲᠡᠭᠦᠨ ᠤ ᠳᠠᠩᠰᠠᠯᠠᠭᠤᠯᠤᠭᠰᠠᠨ ᠭᠠᠵᠠᠷ ᠤᠨ ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ ︔ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠬᠤᠪᠢ ᠬᠥᠮᠥᠨ ᠪᠠᠶᠢᠪᠠᠯ ᠂ ᠲᠡᠭᠦᠨ ᠤ ᠰᠠᠭᠤᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ ᠃       

      ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠮᠡᠨ ᠰᠡᠵᠢᠭᠯᠡᠭᠳᠡᠭᠰᠡᠨ ᠬᠦᠨᠳᠦ ᠶᠡᠭᠡ ᠂ ᠬᠦᠴᠢᠷ ᠲᠦᠪᠡᠭᠲᠡᠢ ᠂ ᠨᠠᠷᠢᠨ ᠪᠤᠳᠤᠯᠢᠶᠠᠨᠲᠠᠢ ᠦᠶᠯᠡ ᠠᠵᠢᠯᠯᠠᠭ᠎ᠠ ᠶᠢ ᠬᠤᠰᠢᠭᠤ ᠰᠢᠶᠠᠨ ︵ ᠬᠤᠲᠠ ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠲᠦᠷᠦᠭᠦᠯᠡᠬᠦ ᠰᠠᠯᠠᠭ᠎ᠠ ᠮᠥᠴᠢᠷ ᠲᠤ ᠲᠡᠳᠡᠨᠦᠰ ᠢᠶᠠᠷ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠭᠤᠯᠬᠤ  ᠪᠠᠷ ᠮᠡᠳᠡᠭᠦᠯᠦᠨ ᠳᠡᠪᠰᠢᠭᠦᠯᠵᠦ ᠪᠣᠯᠣᠨ᠎ᠠ ᠃ ᠦᠨᠡᠨ ᠬᠦ ᠴᠢᠬᠤᠯᠠᠲᠠᠢ ᠦᠶ᠎ᠡ ᠳᠤ ᠂ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠲᠦᠷᠦᠭᠦᠯᠡᠬᠦ ᠰᠠᠯᠠᠭ᠎ᠠ ᠮᠥᠴᠢᠷ ᠲᠤ ᠲᠡᠳᠡᠨᠦᠰ ᠢᠶᠠᠷ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠭᠤᠯᠬᠤ ᠪᠠᠷ ᠮᠡᠳᠡᠭᠦᠯᠦᠨ ᠳᠡᠪᠰᠢᠭᠦᠯᠵᠦ ᠪᠣᠯᠣᠨ᠎ᠠ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠬᠤ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ ᠮᠠᠷᠭᠤᠭᠠᠨ ᠲᠠᠢ ᠪᠠᠶᠢᠪᠠᠯ ᠂ ᠲᠡᠳᠡᠨ ᠤ ᠬᠠᠮᠲᠤ ᠶᠢᠨ ᠳᠡᠭᠡᠳᠦ ᠱᠠᠲᠤᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠲᠣᠭᠲᠠᠭᠠᠨ᠎ᠠ ᠃ 

      ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠶᠯᠡ ᠠᠵᠢᠯᠯᠠᠭ᠎ᠠ ᠡᠭᠦᠰᠦᠭᠰᠡᠨ ᠭᠠᠵᠠᠷ ᠂ ᠴᠤᠭᠯᠠᠭᠤᠯᠤᠭᠰᠠᠨ ᠪᠡᠯᠡ ᠬᠥᠷᠥᠩᠭᠡ ᠶᠢᠨ ᠪᠠᠶᠢᠭ᠎ᠠ ᠭᠠᠵᠠᠷ ᠵᠢᠴᠢ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠂ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠪᠠᠶᠢᠭ᠎ᠠ ᠭᠠᠵᠠᠷ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠠᠵᠢᠯ ᠳᠤ ᠬᠠᠮᠵᠢᠯᠴᠠᠬᠤ ᠬᠡᠷᠡᠭᠲᠡᠢ ᠃ 

      ᠬᠤᠷᠢᠨ ᠭᠤᠷᠪᠠᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢᠯᠡ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤ ᠨᠢ ᠬᠢᠨᠠᠨ ᠪᠠᠶᠢᠴᠠᠭᠠᠵᠤ ᠂ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠪᠠᠨ ᠲᠣᠭᠲᠠᠭᠠᠬᠤ ᠬᠡᠷᠡᠭᠲᠡᠢ ᠃ ᠬᠢᠨᠠᠨ ᠪᠠᠶᠢᠴᠠᠭᠠᠳ ᠬᠠᠮᠢᠶ᠎ᠠ ᠪᠦᠬᠦᠢ ᠦᠢᠯᠡ ᠠᠵᠢᠯᠯᠠᠭ᠎ᠠ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶᠢᠵᠤ ᠂ ᠲᠤᠰ ᠰᠠᠯᠠᠭ᠎ᠠ ᠮᠥᠴᠢᠷ ᠤᠨ ᠬᠠᠷᠢᠶᠠᠯᠠᠯ ᠳᠤ ᠪᠠᠭᠲᠠᠬᠤ ᠪᠠᠷ ᠦᠵᠡᠵᠦ ᠪᠠᠶᠢᠪᠠᠯ ᠂ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠪᠠᠶᠢᠴᠠᠭᠠᠯᠲᠠ ᠬᠢᠬᠦ  ᠶᠢ ᠵᠣᠬᠢᠶᠠᠨ ᠪᠠᠶᠢᠭᠤᠯᠬᠤ ᠬᠡᠷᠡᠭᠲᠡᠢ ᠃ ᠲᠤᠰ ᠰᠠᠯᠠᠭ᠎ᠠ ᠮᠥᠴᠢᠷ ᠤᠨ ᠬᠠᠷᠢᠶᠠᠯᠠᠯ ᠳᠤ ᠪᠠᠭᠲᠠᠬᠤ ᠦᠭᠡᠢ ᠪᠣᠯ ᠂ ᠬᠠᠷᠢᠶᠠᠯᠠᠬᠤ ᠡᠷᠬᠡ ᠲᠠᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠢ ᠃ 

      ᠬᠤᠷᠢᠨ ᠳᠥᠷᠪᠡᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢᠯᠡ ᠠᠵᠢᠯᠯᠠᠭ᠎ᠠ ᠶᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠭᠥᠯᠢᠶᠡᠨ ᠠᠪᠬᠤ ᠪᠠᠷ ᠲᠣᠭᠲᠠᠭᠰᠠᠨ ᠪᠣᠯ ᠂ ᠴᠠᠭ ᠲᠤᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠶᠢ ᠵᠣᠬᠢᠶᠠᠨ ᠪᠠᠶᠢᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠂ ᠬᠡᠷᠡᠭ ᠢ ᠬᠠᠤᠯᠢ ᠶᠣᠰᠣᠭᠠᠷ ᠪᠠᠶᠢᠴᠠᠭᠠᠬᠤ ᠬᠡᠷᠡᠭᠲᠡᠢ ᠃ 

      ᠪᠠᠶᠢᠴᠠᠭᠠᠬᠤ ᠠᠵᠢᠯᠲᠠᠨ ᠨᠢ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ ᠂ ᠪᠠᠶᠢᠴᠠᠭᠠᠬᠤ ᠳᠤ ᠪᠠᠨ ᠪᠠᠶᠢᠴᠠᠭᠠᠭᠳᠠᠬᠤ ᠡᠲᠡᠭᠡᠳ ᠲᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ ᠦᠵᠡᠭᠦᠯᠬᠦ ᠬᠡᠷᠡᠭᠲᠡᠢ ᠃ 

      ᠪᠠᠶᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠥᠨ ᠨᠢ ᠪᠠᠶᠢᠴᠠᠭᠠᠯᠲᠠ ᠳᠤ ᠬᠠᠮᠵᠢᠯᠴᠠᠬᠤ ᠬᠡᠷᠡᠭᠲᠡᠢ ᠂  ᠲᠡᠪᠴᠢᠬᠦ ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ ᠃ 

      ᠬᠤᠷᠢᠨ ᠲᠠᠪᠤᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠴᠠᠭᠠᠬᠤ ᠳᠤ ᠪᠠᠨ ᠂ ᠳᠣᠣᠷᠠᠬᠢ ᠠᠷᠭ᠎ᠠ ᠬᠡᠮᠵᠢᠶ᠎ᠡ ᠶᠢ ᠠᠪᠴᠤ ᠪᠣᠯᠣᠨ᠎ᠠ ᠄

      ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠲᠠᠯᠠᠪᠤᠷ ᠭᠠᠵᠠᠷ ᠲᠤ ᠣᠷᠣᠵᠤ ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠨᠢᠭᠡᠴᠢ ᠪᠤᠶᠤ ᠬᠤᠪᠢ ᠬᠥᠮᠥᠨ ᠤ ᠦᠨᠳᠦᠰᠦᠨ ᠪᠠᠶᠢᠳᠠᠯ ᠂ ᠪᠡᠯᠡ ᠴᠤᠭᠯᠠᠭᠤᠯᠤᠭᠰᠠᠨ ᠠᠷᠭ᠎ᠠ ᠬᠡᠯᠪᠡᠷᠢ ᠂ ᠴᠤᠭᠯᠠᠭᠤᠯᠤᠭᠰᠠᠨ ᠵᠣᠭᠤᠰ ᠤᠨ ᠲᠤᠭ᠎ᠠ ᠬᠡᠮᠵᠢᠶ᠎ᠡ ᠂ ᠣᠷᠣᠯᠴᠠᠭᠰᠠᠨ ᠬᠥᠮᠥᠨ ᠤ ᠲᠤᠭ᠎ᠠ ᠂ ᠪᠡᠯᠡ ᠮᠥᠩᠭᠦᠨ ᠤ ᠠᠵᠢᠯᠯᠠᠭ᠎ᠠ ᠂ ᠵᠣᠭᠤᠰ ᠰᠣᠯᠢᠵᠤ ᠲᠥᠯᠥᠭᠰᠡᠨ ᠪᠠᠶᠢᠳᠠᠯ ᠂ ᠬᠤᠪᠢ ᠣᠷᠣᠭᠤᠯᠤᠭᠴᠢ ᠪᠤᠶᠤ ᠪᠣᠳᠠᠲᠠᠢ ᠡᠵᠡᠮᠳᠡᠭᠴᠢ ᠶᠢᠨ ᠭᠤᠣᠯ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ ᠭᠡᠷᠡᠴᠢ ᠴᠤᠭᠯᠠᠭᠤᠯᠬᠤ ︔ 

      ︵ᠬᠤᠶᠠᠷ︶ ᠪᠠᠶᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠥᠨ ᠠᠴᠠ ᠯᠠᠪᠯᠠᠨ ᠠᠰᠠᠭᠤᠵᠤ ᠂ ᠲᠡᠭᠦᠨ ᠢ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ ︔ 

      ︵ᠭᠤᠷᠪᠠ︶ ᠪᠠᠶᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠪᠢᠴᠢᠭ ᠬᠠᠷ᠎ᠠ ᠂ ᠮᠠᠲ᠋ᠧᠷᠢᠶᠠᠯ ᠂ ᠡᠯᠧᠺᠲᠷᠣᠨ ᠲᠤᠭ᠎ᠠ ᠪᠠᠷᠢᠮᠲᠠ ᠵᠡᠷᠭᠡ ᠶᠢ ᠪᠠᠶᠢᠴᠠᠭᠠᠨ ᠦᠵᠡᠬᠦ ᠪᠠ ᠬᠠᠭᠤᠯᠪᠤᠷᠢᠯᠠᠵᠤ ᠂ ᠰᠢᠯᠵᠢᠭᠦᠯᠬᠦ ᠂ ᠨᠢᠭᠤᠨ ᠳᠠᠯᠳᠠᠯᠠᠬᠤ ᠪᠤᠶᠤ ᠰᠦᠢᠳᠬᠡᠵᠦ ᠮᠡᠳᠡᠬᠦ ᠪᠢᠴᠢᠭ ᠬᠠᠷ᠎ᠠ ᠂ ᠮᠠᠲ᠋ᠧᠷᠢᠶᠠᠯ ᠂ ᠡᠯᠧᠺᠲᠷᠣᠨ ᠲᠥᠬᠦᠭᠡᠷᠦᠮᠵᠢ ᠵᠡᠷᠭᠡ ᠶᠢ ᠪᠢᠲᠡᠭᠦᠮᠵᠢᠯᠡᠨ ᠬᠠᠳᠠᠭᠠᠯᠠᠬᠤ ︔ 

      ︵ᠳᠥᠷᠪᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠬᠤᠯᠪᠣᠭᠳᠠᠯ ᠪᠦᠬᠦᠢ ᠲᠠᠩᠰᠠᠨ ᠡᠷᠦᠬᠡ ᠶᠢ ᠬᠠᠤᠯᠢ ᠶᠣᠰᠣᠭᠠᠷ ᠪᠠᠶᠢᠴᠠᠭᠠᠨ ᠯᠠᠪᠯᠠᠨ᠎ᠠ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠢ ᠪᠥᠭᠡᠳ ᠪᠠᠶᠢᠴᠠᠭᠠᠨ ᠯᠠᠪᠯᠠᠭᠰᠠᠨ ᠠᠭᠤᠯᠭ᠎ᠠ ᠪᠠ ᠬᠠᠮᠢᠶ᠎ᠠ ᠪᠦᠬᠦᠢ ᠪᠠᠶᠢᠳᠠᠯ ᠤᠨ ᠨᠢᠭᠤᠴᠠ ᠶᠢ ᠬᠠᠮᠠᠭᠠᠯᠠᠵᠤ ᠂ ᠪᠠᠶᠢᠴᠠᠭᠠᠨ ᠯᠠᠪᠯᠠᠭᠳᠠᠭᠰᠠᠨ ᠨᠢᠭᠡᠴᠢ ᠪᠠ ᠬᠤᠪᠢ ᠬᠥᠮᠥᠨ ᠳᠤ ᠮᠡᠳᠡᠭᠳᠡᠵᠦ ᠪᠣᠯᠬᠤ ᠦᠭᠡᠢ ᠃       ᠬᠤᠷᠢᠨ ᠵᠢᠷᠭᠤᠳᠤᠭᠠᠷ ᠵᠦᠢᠯ  ᠪᠠᠶᠢᠴᠠᠭᠠᠵᠤ ᠭᠡᠷᠡᠴᠢ ᠴᠤᠭᠯᠠᠭᠤᠯᠬᠤ ᠬᠤᠭᠤᠴᠠᠭᠠᠨ ᠳᠤ ᠂ ᠬᠡᠷᠡᠭ ᠲᠤ ᠬᠤᠯᠪᠣᠭᠳᠠᠭᠰᠠᠨ ᠪᠡᠯᠡ ᠮᠥᠩᠭᠦ ᠶᠢ ᠳᠠᠯᠳᠠᠭᠤᠷ ᠰᠢᠯᠵᠢᠭᠦᠯᠬᠦ ᠂ ᠰᠢᠯᠵᠢᠭᠦᠯᠬᠦ ᠂ ᠨᠢᠭᠤᠨ ᠳᠠᠯᠳᠠᠯᠠᠬᠤ ᠵᠢᠴᠢ ᠭᠤᠣᠯ ᠰᠡᠵᠢᠭᠯᠡᠯᠲᠡᠢ ᠬᠥᠮᠥᠨ ᠤ ᠣᠷᠭᠤᠨ ᠳᠤᠲᠠᠭᠠᠬᠤ ᠠᠴᠠ ᠰᠡᠷᠭᠡᠶᠢᠯᠡᠬᠦ ᠶᠢᠨ ᠲᠤᠰᠠᠳᠠ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠳᠤ ᠬᠠᠤᠯᠢ ᠶᠣᠰᠣᠭᠠᠷ ᠴᠢᠬᠤᠯᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠪᠠᠷ ᠮᠡᠳᠡᠭᠳᠡᠵᠦ ᠪᠣᠯᠣᠨ᠎ᠠ ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠨ ᠠᠵᠢᠯᠯᠠᠭ᠎ᠠ ᠲᠠᠢ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠥᠨ ᠳᠤ ᠪᠡᠯᠡ ᠴᠤᠭᠯᠠᠭᠤᠯᠬᠤ ᠠᠵᠢᠯᠯᠠᠭ᠎ᠠ ᠪᠠᠨ ᠲᠦᠷ ᠵᠣᠭᠰᠤᠭᠠᠬᠤ ᠪᠠᠷ ᠱᠠᠭᠠᠷᠳᠠᠬᠤ ᠡᠷᠬᠡ ᠲᠠᠢ ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠬᠤᠯᠪᠣᠭᠳᠠᠯ ᠪᠦᠬᠦᠢ ᠨᠢᠭᠡᠴᠢ ᠳᠤ ᠪᠠᠶᠢᠭᠤᠯᠬᠤ ᠂ ᠬᠤᠪᠢᠷᠠᠭᠤᠯᠬᠤ ᠪᠤᠶᠤ ᠳᠠᠩᠰᠠᠯᠠᠯ ᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠬᠦ ᠶᠢ ᠲᠦᠷ ᠵᠣᠭᠰᠤᠭᠠᠬᠤ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠳᠤ ᠮᠡᠳᠡᠭᠳᠡᠨ᠎ᠡ ᠃ 

      ᠬᠤᠷᠢᠨ ᠳᠣᠯᠣᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ ᠰᠠᠨᠠᠯ ᠢ ᠦᠨᠳᠦᠰᠦᠯᠡᠨ ᠂ ᠬᠤᠯᠪᠣᠭᠳᠠᠯ ᠪᠦᠬᠦᠢ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠠᠶᠢᠭ᠎ᠠ ᠭᠠᠵᠠᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠵᠡᠷᠭᠡ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠵᠤ ᠂ ᠳᠣᠣᠷᠠᠬᠢ ᠮᠡᠲᠦ ᠮᠠᠭᠠᠳᠯᠠᠨ ᠲᠣᠭᠲᠠᠭᠠᠬᠤ ᠰᠠᠨᠠᠯ ᠭᠠᠷᠭᠠᠬᠤ ᠬᠡᠷᠡᠭᠲᠡᠢ ᠄

      ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠳᠤ ᠲᠣᠭᠠᠴᠠᠭᠳᠠᠬᠤ ᠪᠠᠷ ᠮᠠᠭᠠᠳᠯᠠᠨ ᠲᠣᠭᠲᠠᠭᠠᠭᠰᠠᠨ ᠪᠣᠯ ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠶᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠬᠠᠤᠯᠢ ᠪᠤᠰᠤ ᠦᠢᠯᠨ ᠠᠵᠢᠯᠯᠠᠭ᠎ᠠ ᠶᠢ ᠨᠢ ᠲᠡᠷᠡ ᠳᠠᠷᠤᠢ ᠳᠤ ᠨᠢ ᠵᠣᠭᠰᠤᠭᠠᠬᠤ ᠶᠢᠨ ᠬᠠᠮᠲᠤ ᠂ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ ︔ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ ᠂ ᠲᠣᠭᠲᠠᠭᠠᠯ ᠶᠣᠰᠣᠭᠠᠷ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ︔ 

      ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠳᠤ ᠲᠣᠭᠠᠴᠠᠭᠳᠠᠬᠤ ᠦᠭᠡᠢ ᠪᠠᠷ ᠮᠠᠭᠠᠳᠯᠠᠨ ᠲᠣᠭᠲᠠᠭᠠᠭᠰᠠᠨ ᠪᠣᠯ ᠂ ᠪᠠᠶᠢᠴᠠᠭᠠᠬᠤ ᠪᠠᠨ ᠵᠣᠭᠰᠣᠭᠠᠨ᠎ᠠ ᠃ 

      ᠬᠤᠷᠢᠨ ᠨᠠᠢᠮᠠᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠬᠡᠷᠡᠭᠴᠡᠭᠡ ᠪᠠᠨ ᠦᠨᠳᠦᠰᠦᠯᠡᠨ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ ᠄

      ︵ᠨᠢᠭᠡ︶ ᠬᠤᠯᠪᠣᠭᠳᠠᠯ ᠪᠦᠬᠦᠢ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠵᠦ ᠂ ᠬᠤᠯᠪᠣᠭᠳᠠᠯ ᠪᠦᠬᠦᠢ  ᠪᠡᠯᠡ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠵᠦ ᠂ ᠪᠡᠷᠢᠴᠠᠭᠠᠨ ᠳᠤ ᠦᠯᠡᠳᠡᠭᠡᠬᠦ ︔ 

      ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠶᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠪᠡᠯᠡ ᠬᠥᠷᠥᠩᠭᠡ ᠪᠠᠨ ᠨᠡᠬᠡᠮᠵᠢᠯᠡᠨ ᠠᠪᠴᠢᠷᠠᠵᠤ ᠂ ᠦᠨ᠎ᠡ ᠶᠢ ᠨᠢ ᠬᠤᠪᠢᠷᠠᠭᠠᠨ ᠬᠤᠳᠠᠯᠳᠤᠭᠠᠯᠠᠵᠤ ᠪᠠᠶᠢᠭᠠᠳ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠯᠭᠠᠬᠤ ︔ 

      ︵ᠭᠤᠷᠪᠠ︶ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠢᠶᠠᠷ ᠲᠣᠭᠲᠠᠭᠠᠯᠭᠠᠵᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠯᠢ ᠪᠠᠷ ᠭᠠᠷᠴᠤ ᠣᠷᠣᠬᠤ ᠳᠠᠬᠢ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠳᠡᠵᠦ ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠤᠪᠢ ᠬᠥᠮᠥᠨ ᠪᠤᠶᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠨᠢᠭᠡᠴᠢ ᠶᠢᠨ ᠬᠤᠪᠢ ᠡᠵᠡᠮᠳᠡᠭᠰᠡᠨ ᠬᠤᠪᠢ ᠣᠷᠣᠭᠤᠯᠤᠭᠴᠢ ᠂ ᠪᠣᠳᠠᠲᠠᠢ ᠡᠵᠡᠮᠳᠡᠭᠴᠢ ᠂ ᠬᠡᠷᠡᠭ ᠮᠡᠳᠡᠭᠴᠢ ᠂ ᠬᠡᠷᠡᠭ ᠬᠢᠨᠠᠭᠴᠢ ᠂ ᠳᠡᠭᠡᠳᠦ ᠵᠡᠷᠭᠡ ᠶᠢᠨ ᠬᠠᠮᠢᠶᠠᠷᠤᠭᠴᠢ ᠵᠢᠴᠢ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠨ ᠤ ᠬᠢᠯᠢ ᠠᠴᠠ ᠭᠠᠷᠬᠤ ᠶᠢ ᠬᠢᠵᠠᠭᠠᠷᠯᠠᠨ᠎ᠠ ᠃ 

      ᠳᠡᠭᠡᠷ᠎ᠡ ᠳᠤᠷᠠᠳᠤᠭᠰᠠᠨ ᠨᠢᠭᠡᠳᠦᠭᠡᠷ ᠵᠤᠷᠪᠤᠰ ᠂ ᠬᠤᠶᠠᠳᠤᠭᠠᠷ ᠵᠤᠷᠪᠤᠰ ᠤᠨ ᠠᠷᠭ᠎ᠠ ᠬᠡᠮᠵᠢᠶ᠎ᠡ ᠶᠢ ᠠᠪᠬᠤ ᠳᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠬᠦ ᠬᠡᠷᠡᠭᠲᠡᠢ ᠃ 

      ᠬᠤᠷᠢ ᠶᠢᠰᠦᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ ᠂ ᠬᠡᠷᠡᠭ ᠢ ᠰᠢᠢᠳᠪᠦᠷᠢᠯᠡᠭᠰᠡᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠵᠦ ᠂ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠃ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡᠨ ᠳᠤ ᠨᠢ ᠨᠡᠶᠢᠴᠡᠪᠡᠯ ᠂ ᠬᠤᠯᠪᠤᠭᠠᠯᠠᠨ ᠬᠠᠤᠯᠢ ᠬᠡᠷᠡᠭᠵᠢᠭᠦᠯᠬᠦ ᠠᠵᠢᠯ ᠢ ᠡᠬᠢᠯᠡᠭᠦᠯᠬᠦ ᠬᠡᠷᠡᠭᠲᠡᠢ ᠄

      ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠂ ᠪᠦᠯᠦᠭᠵᠢᠯ ᠤᠨ ᠴᠢᠨᠠᠷᠲᠠᠢ ᠬᠡᠷᠡᠭ ᠡᠭᠦᠰᠬᠦ ᠪᠤᠶᠤ ᠬᠦᠴᠦᠷᠬᠡᠭᠯᠡᠯ ᠢᠶᠠᠷ ᠬᠠᠷᠰᠢᠯᠠᠵᠤ ᠮᠡᠳᠡᠬᠦ ︔ 

      ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠦᠨ ᠪᠠᠶᠢᠴᠠᠭᠠᠬᠤ ᠦᠶ᠎ᠡ ᠳᠤ ᠪᠠᠶᠢᠴᠠᠭᠠᠬᠤ ᠶᠢ ᠬᠠᠷ᠎ᠠ ᠰᠠᠨᠠᠭ᠎ᠠ ᠪᠠᠷ ᠬᠠᠷᠰᠢᠯᠠᠬᠤ ᠂ ᠠᠶᠤᠯᠭᠠᠨ ᠰᠦᠷᠳᠡᠭᠦᠯᠬᠦ ᠪᠤᠶᠤ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ ᠵᠡᠷᠭᠡ ᠪᠠᠶᠢᠳᠠᠯ ᠲᠤᠯᠭᠠᠷᠠᠬᠤ ︔ 

      ︵ᠭᠤᠷᠪᠠ︶ ᠶᠠᠭ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠵᠠᠰᠠᠭ ᠵᠠᠬᠢᠷᠭᠠᠨ ᠤ ᠬᠡᠷᠡᠭ ᠨᠢ ᠡᠷᠡᠭᠦᠦ ᠶᠢᠨ ᠶᠠᠯᠠᠲᠤ ᠬᠡᠷᠡᠭ ᠲᠤ ᠬᠤᠯᠪᠣᠭᠳᠠᠵᠤ ᠮᠡᠳᠡᠬᠦ ︔ 

      ︵ᠳᠥᠷᠪᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠨ ᠠᠵᠢᠯᠯᠠᠭ᠎ᠠ ᠠᠮᠠᠷᠬᠠᠨ ᠡᠭᠦᠰᠬᠦ ᠂ ᠣᠯᠠᠨ ᠡᠭᠦᠰᠬᠦ ᠬᠦᠷᠢᠶᠡᠨ ᠳᠤ ᠬᠤᠯᠪᠤᠭᠠᠯᠠᠨ ᠴᠡᠭᠴᠡᠯᠡᠨ ᠵᠠᠰᠠᠯᠲᠠ ᠥᠷᠨᠢᠭᠦᠯᠬᠦ ︔ 

      ︵ᠲᠠᠪᠤ ︶ ᠬᠤᠯᠪᠤᠭᠠᠯᠠᠨ ᠬᠠᠤᠯᠢ ᠬᠡᠷᠡᠭᠵᠢᠭᠦᠯᠬᠦ ᠴᠢᠬᠤᠯᠠᠲᠠᠢ ᠪᠤᠰᠤᠳ ᠪᠠᠶᠢᠳᠠᠯ ᠣᠷᠣᠰᠢᠵᠤ ᠪᠠᠶᠢᠬᠤ ᠃ 

      ᠬᠤᠯᠪᠤᠭᠠᠯᠠᠨ ᠬᠠᠤᠯᠢ ᠬᠡᠷᠡᠭᠵᠢᠭᠦᠯᠬᠦ ᠶᠠᠪᠤᠴᠠ ᠳᠤ ᠪᠤᠢ ᠪᠣᠯᠤᠭᠰᠠᠨ ᠵᠠᠰᠠᠭ ᠵᠠᠬᠢᠷᠭᠠᠨ ᠤ ᠲᠣᠭᠲᠠᠭᠠᠯ ᠢ ᠪᠣᠯ ᠬᠤᠯᠪᠤᠭᠠᠯᠠᠨ ᠬᠠᠤᠯᠢ ᠬᠡᠷᠡᠭᠵᠢᠭᠦᠯᠬᠦ ᠳᠤ ᠣᠷᠣᠯᠴᠠᠭᠰᠠᠨ ᠰᠠᠯᠠᠭ᠎ᠠ ᠮᠥᠴᠢᠷ ᠂ ᠨᠢᠭᠡᠴᠢ ᠨᠢ ᠥᠪᠡᠷ ᠥᠪᠡᠷ ᠤᠨ ᠢᠶᠠᠨ ᠡᠷᠬᠡ ᠲᠤᠰᠢᠶᠠᠯ ᠤᠨ ᠬᠡᠪᠴᠢᠶᠡᠨ ᠳᠤ ᠪᠠᠨ ᠬᠠᠤᠯᠢ ᠶᠣᠰᠣᠭᠠᠷ ᠭᠠᠷᠭᠠᠨ᠎ᠠ ᠃ 

      ᠭᠤᠴᠢᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠡᠷᠡᠭ ᠤᠨ ᠬᠡᠷᠡᠭᠴᠡᠭᠡ ᠪᠠᠨ ᠦᠨᠳᠦᠰᠦᠯᠡᠨ ᠂ ᠬᠠᠤᠯᠢ ᠳᠤ ᠲᠣᠭᠲᠠᠭᠰᠠᠨ ᠬᠢᠷᠢ ᠴᠢᠳᠠᠮᠵᠢ ᠲᠠᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠪᠤᠶᠤ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠳᠤ ᠨᠠᠶᠢᠳᠠᠵᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠲᠠᠬᠢ ᠲᠤᠰᠬᠠᠢ ᠵᠦᠢᠯᠡᠰ ᠲᠤ ᠪᠠᠶᠢᠴᠠᠭᠠᠨ ᠰᠢᠨᠵᠢᠬᠦ ᠂ ᠬᠢᠨᠠᠨ ᠲᠣᠭᠲᠠᠭᠠᠯᠲᠠ ᠬᠢᠬᠦ ᠂ ᠦᠨᠡᠯᠡᠨ ᠵᠢᠱᠢᠬᠦ ᠂ ᠬᠢᠨᠠᠨ ᠪᠣᠳᠣᠯᠲᠠ ᠬᠢᠵᠦ ᠪᠣᠯᠣᠨ᠎ᠠ ᠃ 

      ᠭᠤᠴᠢᠨ ᠨᠢᠭᠡᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠶᠠᠯᠠᠲᠤ ᠬᠡᠷᠡᠭ ᠢ ᠰᠢᠯᠵᠢᠭᠦᠯᠦᠨ ᠬᠦᠷᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠬᠡᠷᠡᠭ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠂ ᠵᠣᠯᠭᠠᠭᠤᠯᠬᠤ ᠲᠡᠰ ᠳᠠᠷᠠᠭᠠᠯᠠᠯ ᠢ ᠵᠢᠷᠤᠮᠵᠢᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠃ 

      ᠭᠤᠴᠢᠨ ᠬᠤᠶᠠᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠤᠨ ᠬᠢᠨᠠᠯᠲᠠ ᠳᠣᠣᠷ᠎ᠠ ᠪᠡᠯᠡ ᠴᠤᠭᠯᠠᠭᠤᠯᠬᠤ ᠳᠤ ᠣᠷᠣᠯᠴᠠᠭᠴᠢ ᠳᠤ ᠪᠡᠯᠡ ᠮᠥᠩᠭᠦ ᠶᠢ ᠨᠢ ᠢᠯᠭᠠᠷᠠᠭᠤᠯᠤᠨ ᠪᠤᠴᠠᠭᠠᠬᠤ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠢᠯᠭᠠᠷᠠᠭᠤᠯᠤᠨ ᠪᠤᠴᠠᠭᠠᠵᠤ ᠪᠣᠯᠬᠤᠶᠢᠴᠠ ᠪᠡᠯᠡ ᠮᠥᠩᠭᠦ ᠶᠢ ᠡᠮᠬᠢᠯᠡᠵᠦ ᠴᠤᠭᠯᠠᠭᠤᠯᠬᠤ ᠪᠠᠨ ᠴᠢᠩᠭᠠᠳᠬᠠᠵᠤ ᠂ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠲᠤᠭ᠎ᠠ ᠂ ᠴᠤᠭᠯᠠᠭᠤᠯᠤᠭᠰᠠᠨ ᠵᠣᠭᠤᠰ ᠤᠨ ᠲᠤᠭ᠎ᠠ ᠂ ᠣᠯᠣᠭᠰᠠᠨ ᠠᠵᠤ ᠠᠬᠤᠢ ᠶᠢᠨ ᠠᠰᠢᠭ ᠲᠤᠰᠠ ᠵᠡᠷᠭᠡ ᠪᠠᠶᠢᠳᠠᠯ ᠢ ᠡᠵᠡᠮᠰᠢᠵᠦ ᠂ ᠠᠮᠠᠷᠬᠠᠨ ᠡᠪᠳᠡᠷᠡᠵᠦ ᠬᠤᠬᠢᠷᠠᠬᠤ ᠂ ᠦᠷᠳᠡᠭ ᠪᠠᠭᠤᠷᠠᠬᠤ ᠂ ᠤᠰᠠᠳᠴᠤ ᠭᠡᠭᠡᠭᠳᠡᠬᠦ ᠡᠳ᠋ ᠬᠥᠷᠥᠩᠭᠡ ᠪᠣᠳᠠᠰ ᠢ ᠴᠠᠭ ᠲᠤᠬᠠᠢ ᠳᠤ ᠨᠢ ᠬᠤᠳᠠᠯᠳᠤᠵᠤ ᠂ ᠪᠡᠯᠡᠨ ᠵᠣᠭᠤᠰ ᠪᠣᠯᠭᠠᠬᠤ ᠪᠤᠶᠤ ᠬᠤᠯᠪᠣᠭᠳᠠᠯ ᠪᠦᠬᠦᠢ ᠪᠡᠯᠡ ᠬᠥᠷᠥᠩᠭᠡ ᠶᠢ ᠤᠷᠢᠳ ᠢᠶᠠᠷ ᠬᠤᠪᠢᠷᠠᠭᠤᠯᠤᠨ ᠬᠤᠳᠠᠯᠳᠤᠬᠤ ᠂ ᠦᠨ᠎ᠡ ᠬᠠᠶᠠᠨ ᠬᠤᠳᠠᠯᠳᠤᠵᠤ ᠂ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠳᠤ ᠬᠡᠷᠡᠭᠯᠡᠬᠦ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠪᠡᠯᠡ ᠴᠤᠭᠯᠠᠭᠤᠯᠬᠤ ᠳᠤ ᠣᠷᠣᠯᠴᠠᠭᠴᠢ ᠲᠠᠢ ᠭᠦᠢᠴᠡᠳ ᠨᠡᠪᠲᠡᠷᠡᠯᠴᠡᠨ ᠂ ᠵᠥᠪᠳᠡᠯᠴᠡᠵᠦ ᠂ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠲᠥᠰᠥᠯ ᠢ ᠲᠣᠭᠲᠠᠭᠠᠵᠤ ᠂ ᠢᠯᠭᠠᠷᠠᠭᠤᠯᠤᠨ ᠪᠤᠴᠠᠭᠠᠬᠤ ᠬᠥᠮᠥᠨ ᠂ ᠢᠯᠭᠠᠷᠠᠭᠤᠯᠤᠨ ᠪᠤᠴᠠᠭᠠᠬᠤ ᠵᠣᠭᠤᠰ ᠤᠨ ᠲᠤᠭ᠎ᠠ ᠂ ᠢᠯᠭᠠᠷᠠᠭᠤᠯᠤᠨ ᠪᠤᠴᠠᠭᠠᠬᠤ ᠠᠷᠭ᠎ᠠ ᠬᠡᠯᠪᠡᠷᠢ ᠂ ᠢᠯᠭᠠᠷᠠᠭᠤᠯᠤᠨ ᠪᠤᠴᠠᠭᠠᠬᠤ ᠬᠠᠷᠢᠴᠠᠯ ᠂ ᠢᠯᠭᠠᠷᠠᠭᠤᠯᠤᠨ ᠪᠤᠴᠠᠭᠠᠬᠤ ᠠᠬᠢᠴᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠪᠠ ᠪᠡᠯᠡ ᠴᠤᠭᠯᠠᠭᠤᠯᠬᠤ ᠳᠤ ᠣᠷᠣᠯᠴᠠᠭᠴᠢ ᠢᠯᠭᠠᠷᠠᠭᠤᠯᠤᠨ ᠪᠤᠴᠠᠭᠠᠬᠤ ᠪᠡᠯᠡ ᠮᠥᠩᠭᠦ ᠶᠢᠨ ᠵᠣᠭᠤᠰ ᠤᠨ ᠲᠤᠭ᠎ᠠ ᠳᠤ ᠣᠨᠳᠣᠣ ᠰᠠᠨᠠᠯ ᠲᠠᠢ ᠪᠤᠶᠤ ᠵᠥᠪᠳᠡᠯᠴᠡᠭᠡᠳ ᠰᠠᠨᠠᠯ ᠨᠢᠭᠡᠳᠬᠦ ᠶᠢᠨ ᠠᠷᠭ᠎ᠠ ᠦᠭᠡᠢ ᠪᠠᠶᠢᠪᠠᠯ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ ᠪᠡᠯᠡ ᠴᠤᠭᠯᠠᠭᠤᠯᠬᠤ ᠳᠤ ᠣᠷᠣᠯᠴᠠᠭᠴᠢ ᠪᠤᠶᠤ ᠲᠡᠳᠡᠨ ᠤ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠤᠨ ᠂ ᠴᠤᠭᠯᠠᠭᠤᠯᠤᠭᠰᠠᠨ ᠪᠡᠯᠡ ᠮᠥᠩᠭᠦ ᠶᠢᠨ ᠢᠷᠡᠯᠲᠡ ᠪᠠ ᠪᠡᠯᠡ ᠬᠥᠷᠥᠩᠭᠡ ᠶᠢᠨ ᠪᠠᠶᠢᠳᠠᠯ ᠂ ᠢᠯᠭᠠᠷᠠᠭᠤᠯᠤᠨ ᠪᠤᠴᠠᠭᠠᠬᠤ ᠵᠠᠷᠴᠢᠮ ᠢ ᠲᠣᠳᠣᠷᠬᠠᠶᠢᠯᠠᠵᠤ ᠂ ᠪᠡᠯᠡ ᠴᠤᠭᠯᠠᠭᠤᠯᠬᠤ ᠳᠤ ᠣᠷᠣᠯᠴᠠᠭᠴᠢ ᠪᠤᠶᠤ ᠲᠡᠳᠡᠨ ᠤ ᠲᠥᠯᠥᠭᠡᠯᠡᠭᠴᠢ ᠶᠢᠨ ᠰᠠᠨᠠᠯ ᠢ ᠭᠦᠢᠴᠡᠳ ᠰᠣᠨᠣᠰᠴᠤ ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ ᠵᠢᠭᠠᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠂ ᠲᠣᠭᠲᠠᠭᠠᠯ ᠳᠤ ᠨᠡᠶᠢᠴᠡᠭᠰᠡᠨ ᠰᠠᠭᠤᠷᠢᠨ ᠳᠡᠭᠡᠷ᠎ᠡ ᠢᠯᠭᠠᠷᠠᠭᠤᠯᠤᠨ ᠪᠤᠴᠠᠭᠠᠬᠤ ᠲᠥᠰᠥᠯ  ᠢᠶᠠᠨ ᠲᠡᠭᠦᠯᠳᠡᠷᠵᠢᠭᠦᠯᠵᠦ ᠂ ᠴᠠᠭ ᠲᠤᠬᠠᠢ ᠳᠤ ᠨᠢ ᠢᠯᠭᠠᠷᠠᠭᠤᠯᠤᠨ ᠪᠤᠴᠠᠭᠠᠬᠤ ᠪᠠᠷ  ᠱᠠᠭᠠᠷᠳᠠᠬᠤ ᠬᠡᠷᠡᠭᠲᠡᠢ ᠃ 

      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠡᠷᠡᠭ ᠤᠨ ᠬᠡᠷᠡᠭᠴᠡᠭᠡ ᠶᠢ ᠦᠨᠳᠦᠰᠦᠯᠡᠨ ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠪᠤᠶᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠶᠢ ᠤᠷᠢᠵᠤ ᠢᠯᠭᠠᠷᠠᠭᠤᠯᠤᠨ ᠪᠤᠴᠠᠭᠠᠬᠤ ᠲᠥᠰᠥᠯ ᠢ ᠲᠣᠭᠲᠠᠭᠠᠬᠤ ᠪᠠ ᠢᠯᠭᠠᠷᠠᠭᠤᠯᠤᠨ ᠪᠤᠴᠠᠭᠠᠬᠤ ᠶᠠᠪᠤᠴᠠ ᠳᠤ ᠬᠢᠨᠠᠯᠲᠠ ᠲᠠᠯᠪᠢᠬᠤ ᠳᠤ ᠣᠷᠣᠯᠴᠠᠭᠤᠯᠵᠤ ᠪᠣᠯᠣᠨ᠎ᠠ ᠃ 

      ᠭᠤᠴᠢᠨ ᠭᠤᠷᠪᠠᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤᠮᠳᠠ ᠠᠴᠠ ᠠᠵᠤ ᠠᠬᠤᠢ ᠶᠢᠨ ᠠᠰᠢᠭ ᠲᠤᠰᠠ ᠣᠯᠵᠤ ᠪᠣᠯᠬᠤ ᠦᠭᠡᠢ ᠃ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠬᠡᠷᠡᠭᠲᠡᠢ ᠄

      ︵ᠨᠢᠭᠡ︶ ᠢᠯᠭᠠᠷᠠᠭᠤᠯᠤᠨ ᠪᠤᠴᠠᠭᠠᠬᠤ ᠪᠡᠯᠡ ᠮᠥᠩᠭᠦ ᠨᠢ ᠪᠡᠯᠡ ᠴᠤᠭᠯᠠᠭᠤᠯᠬᠤ ᠳᠠᠬᠢ ᠪᠥᠬᠦ ᠣᠷᠣᠯᠴᠠᠭᠴᠢ ᠶᠢᠨ ᠡᠬᠡ ᠮᠥᠩᠭᠦ ᠶᠢ ᠲᠥᠯᠥᠵᠦ ᠳᠡᠶᠢᠯᠬᠦ ᠳᠤ ᠭᠦᠷᠪᠡᠯ ᠂ ᠨᠢᠭᠡ ᠯᠡ ᠤᠳᠠᠭ᠎ᠠ ᠳᠤ ᠲᠥᠯᠥᠬᠦ ᠬᠡᠷᠡᠭᠲᠡᠢ ᠃ ᠪᠡᠯᠡ ᠴᠤᠭᠯᠠᠭᠤᠯᠬᠤ ᠳᠤ ᠣᠷᠣᠯᠴᠠᠭᠴᠢ ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠤᠷᠢᠲᠠᠯ ᠳᠣᠣᠷ᠎ᠠ ᠂ ᠬᠠᠤᠯᠢ ᠪᠤᠰᠤ ᠪᠠᠷ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠳᠤ ᠬᠤᠭᠤᠴᠠᠭ᠎ᠠ ᠬᠤᠪᠢᠶᠠᠨ ᠬᠠᠷᠢᠴᠠᠯ ᠶᠣᠰᠣᠭᠠᠷ ᠡᠬᠡ ᠮᠥᠩᠭᠦ ᠶᠢ ᠨᠢ ᠪᠤᠴᠠᠭᠠᠬᠤ ᠂ ᠦᠨ᠎ᠡ ᠨᠤᠭᠤᠯᠤᠨ ᠪᠤᠳᠤᠵᠤ ᠬᠤᠪᠢ ᠣᠷᠣᠭᠤᠯᠬᠤ ᠪᠠ ᠪᠣᠳᠠᠲᠤ ᠶᠠᠭᠤᠮ᠎ᠠ ᠪᠠᠷ ᠥᠷᠢ ᠲᠥᠯᠥᠬᠦ ᠵᠡᠷᠭᠡ ᠠᠷᠭ᠎ᠠ ᠪᠠᠷ ᠶᠠᠪᠤᠭᠳᠠᠭᠤᠯᠬᠤ ︔ 

      ︵ᠬᠤᠶᠠᠷ︶ ᠢᠯᠭᠠᠷᠠᠭᠤᠯᠤᠨ ᠪᠤᠴᠠᠭᠠᠬᠤ ᠪᠡᠯᠡ ᠮᠥᠩᠭᠦ ᠨᠢ ᠪᠡᠯᠡ ᠴᠤᠭᠯᠠᠭᠤᠯᠬᠤ ᠳᠠᠬᠢ ᠪᠥᠬᠦ ᠣᠷᠣᠯᠴᠠᠭᠴᠢ ᠶᠢᠨ ᠡᠬᠡ ᠮᠥᠩᠭᠦ ᠶᠢ ᠲᠥᠯᠥᠵᠦ ᠭᠦᠢᠴᠡᠬᠦ ᠦᠭᠡᠢ ᠪᠣᠯ ᠂ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠪᠡᠯᠡ ᠭᠠᠷᠭᠠᠭᠰᠠᠨ ᠬᠠᠷᠢᠴᠠᠯ ᠢᠶᠠᠷ ᠨᠢᠭᠡᠳᠦᠯᠲᠡᠢ ᠲᠥᠯᠥᠵᠦ ᠳᠠᠭᠤᠰᠬᠠᠨ᠎ᠠ ︔ 

      ︵ᠭᠤᠷᠪᠠ︶ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠨᠢᠭᠡᠨᠲᠡ ᠣᠯᠣᠭᠰᠠᠨ ᠠᠰᠢᠭ ᠲᠤᠰᠠ ᠶᠢ ᠲᠡᠭᠦᠨ ᠤ ᠡᠬᠡ ᠮᠥᠩᠭᠦ ᠠᠴᠠ ᠬᠠᠰᠤᠵᠤ ᠭᠠᠷᠭᠠᠨ᠎ᠠ ᠃ 

      ᠭᠤᠴᠢᠨ ᠳᠥᠷᠪᠡᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠥᠯᠥᠭᠡ ᠪᠠᠶᠢᠭᠤᠯᠤᠭᠰᠠᠨ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ ᠤᠨ ᠡᠵᠡᠩᠨᠡᠯᠲᠡ ᠶᠢᠨ ᠦᠨᠡᠮᠯᠡᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠥᠯᠥᠭᠡ ᠪᠠᠶᠢᠭᠤᠯᠤᠭᠰᠠᠨ ᠰᠦᠯᠵᠢᠶ᠎ᠡ ᠂ ᠨᠡᠭᠡᠭᠡᠨ ᠬᠥᠭᠵᠢᠭᠦᠯᠦᠭᠰᠡᠨ ᠰᠢᠯᠵᠢᠮᠡᠯ ᠬᠡᠷᠡᠭᠯᠡᠯᠲᠡ ᠶᠢᠨ ᠫᠷᠣᠭ᠍ᠷᠠᠮ ᠵᠡᠷᠭᠡ ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠠᠭᠠᠵᠤ ᠵᠣᠭᠰᠤᠭᠠᠬᠤ ᠬᠡᠷᠡᠭᠲᠡᠢ ᠃ 

      ᠭᠤᠴᠢᠨ ᠲᠠᠪᠤᠳᠤᠭᠠᠷ ᠵᠦᠢᠯ  ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠨᠢᠭᠡᠴᠢ ᠠᠴᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠪᠤᠶᠤ ᠰᠢᠢᠳᠬᠡᠯ ᠠᠴᠠ ᠬᠡᠯᠲᠦᠷᠢᠭᠦᠯᠬᠦ ᠳᠤ ᠂ ᠬᠤᠯᠪᠣᠭᠳᠠᠯ ᠪᠦᠬᠦᠢ ᠪᠠᠶᠢᠳᠠᠯ ᠢᠶᠠᠨ ᠴᠠᠭ ᠲᠤᠬᠠᠢ ᠳᠤ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃ 

      ᠭᠤᠴᠢᠨ ᠵᠢᠷᠭᠤᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠨᠢᠭᠡᠴᠢ ᠪᠤᠶᠤ ᠬᠤᠪᠢ ᠬᠥᠮᠥᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠣᠯ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠲᠣᠭᠲᠠᠭᠠᠯ ︾ ᠵᠡᠷᠭᠡ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠢ ᠃ ᠶᠠᠯ᠎ᠠ ᠳᠤ ᠬᠦᠷᠣᠭ᠍ᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ 

      ᠭᠤᠴᠢᠨ ᠳᠣᠯᠣᠳᠤᠭᠠᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠢ ᠪᠡᠶᠡᠯᠡᠭᠦᠯᠦᠭᠰᠡᠨ ᠤ ᠳᠠᠷᠠᠭ᠎ᠠ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠰᠢᠢᠳᠪᠦᠷᠢᠯᠡᠭᠰᠡᠨ ᠮᠡᠳᠡᠭᠦᠯᠦᠯᠲᠡ ᠭᠠᠷᠭᠠᠬᠤ ᠬᠡᠷᠡᠭᠲᠡᠢ ᠃ ᠰᠢᠢᠳᠪᠦᠷᠢᠯᠡᠭᠰᠡᠨ ᠮᠡᠳᠡᠭᠦᠯᠦᠯᠲᠡ ᠳᠤ ᠭᠤᠣᠯᠳᠠᠭᠤ ᠄ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠤᠨ ᠰᠦᠪᠡᠭᠴᠢ ᠂ ᠰᠢᠢᠳᠪᠦᠷᠢᠯᠡᠭᠳᠡᠭᠰᠡᠨ ᠡᠲᠡᠭᠡᠳ ᠤᠨ ᠦᠨᠳᠦᠰᠦᠨ ᠪᠠᠶᠢᠳᠠᠯ ᠂ ᠪᠠᠶᠢᠴᠠᠭᠠᠯᠲᠠ ᠬᠢᠵᠦ ᠭᠡᠷᠡᠴᠢ ᠴᠤᠭᠯᠠᠭᠤᠯᠤᠭᠰᠠᠨ ᠵᠢᠴᠢ ᠰᠢᠨᠵᠢ ᠴᠢᠨᠠᠷ ᠢ ᠮᠠᠭᠠᠳᠯᠠᠨ ᠲᠣᠭᠲᠠᠭᠠᠭᠰᠠᠨ ᠪᠠᠶᠢᠳᠠᠯ ᠂ ᠬᠠᠤᠯᠢ ᠶᠢ ᠵᠥᠷᠢᠴᠡᠭᠰᠡᠨ ᠭᠤᠣᠯ ᠪᠣᠳᠠᠲᠤ ᠬᠡᠷᠡᠭ ᠪᠠ ᠭᠡᠷᠡᠴᠢ ᠪᠠᠷᠢᠮᠲᠠ ᠂ ᠰᠢᠢᠳᠪᠦᠷᠢᠯᠡᠬᠦ ᠠᠵᠢᠯ ᠳᠤᠮᠳᠠ ᠠᠪᠤᠭᠰᠠᠨ ᠠᠷᠭ᠎ᠠ ᠬᠡᠮᠵᠢᠶ᠎ᠡ ᠵᠢᠴᠢ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠪᠠᠭᠲᠠᠨ᠎ᠠ ᠃ 

      ᠭᠤᠴᠢᠨ ᠨᠠᠢᠮᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ ᠂ ᠲᠣᠮᠢᠯᠠᠭᠰᠠᠨ ᠪᠠᠶᠢᠭᠤᠯᠤᠮᠵᠢ ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠠᠵᠢᠯ ᠢ ᠰᠢᠢᠳᠪᠦᠷᠢᠯᠡᠬᠦ ᠳᠤ ᠳᠡᠮᠵᠢᠯᠭᠡ ᠦᠵᠡᠭᠦᠯᠵᠦ ᠬᠠᠮᠵᠢᠯᠴᠠᠬᠤ ᠬᠡᠷᠡᠭᠲᠡᠢ ᠃ 

      ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠢ ᠬᠤᠷᠢᠭᠯᠠᠬᠤ ᠪᠠ ᠬᠠᠷᠰᠢᠯᠠᠵᠤ ᠪᠣᠯᠬᠤ ᠦᠭᠡᠢ ᠃ 

      ᠭᠤᠴᠢ ᠶᠢᠰᠦᠳᠦᠭᠡᠷ ᠵᠦᠢᠯ  ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠶᠠᠪᠤᠴᠠ ᠳᠤ ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠵᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠡᠮᠬᠢ ᠵᠢᠷᠤᠮ ᠲᠠᠢ ᠪᠥᠭᠡᠳ ᠯᠠᠪᠳᠠᠭᠤᠨ ᠢᠶᠠᠷ ᠰᠢᠢᠳᠪᠦᠷᠢᠯᠡᠵᠦ ᠂ ᠤᠯᠠᠨ ᠲᠦᠮᠡᠨ ᠤ ᠬᠠᠤᠯᠢ ᠶᠣᠰᠣᠨ ᠤ ᠬᠥᠭᠡᠭᠡᠴᠡᠯᠳᠦᠯ ᠱᠠᠭᠠᠷᠳᠠᠯᠭ᠎ᠠ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ ᠃ 

      ᠳᠥᠷᠪᠡᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ

      ᠳᠥᠴᠢᠳᠦᠭᠡᠷ ᠵᠦᠢᠯ  ᠲᠣᠰ ᠨᠠᠷᠢᠨ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ ᠃ 

      ᠳᠥᠴᠢᠨ ᠨᠢᠭᠡᠳᠦᠭᠡᠷ ᠵᠦᠢᠯ  ᠲᠣᠰ ᠨᠠᠷᠢᠨ ᠳᠦᠷᠢᠮ ᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 

      

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                 2023 ᠣᠨ ᠤ 1 ᠳ᠋ᠦ᠋ᠭᠡᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ