ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/20


      7 ᠰᠠᠷ᠎ᠠ ᠶᠢᠨ 19 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠪᠦᠬᠦᠯᠢ ᠡᠳᠦᠷ ᠤᠨ ᠴᠠᠭ ᠢ ᠠᠰᠢᠭᠯᠠᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠪᠣᠯᠣᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠷᠢᠯᠠᠭᠤᠯᠪᠠ ᠃ ᠬᠤᠷᠠᠯ ᠳᠡᠭᠡᠷ᠎ᠡ ᠂ 8 ᠲᠢᠩᠬᠢᠮ ᠲᠣᠪᠴᠢᠶ᠎ᠠ ᠂ 5 ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠣᠨ ᠡᠯ᠎ᠡ ᠠᠶᠢᠮᠠᠭ ᠬᠤᠲᠠ ᠶᠢᠨ ᠬᠢᠨ ᠦᠭᠡ ᠬᠡᠯᠡᠵᠦ ᠂ ᠳᠡᠳ᠋ ᠲᠡᠷᠢᠭᠦᠯᠡᠭᠴᠢ ᠨᠠᠷ ᠦᠨᠡᠯᠡᠯᠲᠡ ᠬᠢᠵᠦ ᠂ ᠵᠥᠷᠢᠶ᠎ᠡ ᠪᠠᠨ ᠡᠷᠢᠵᠦ ᠂ ᠠᠰᠠᠭᠤᠳᠠᠯ ᠢ ᠪᠠᠶᠢᠴᠠᠭᠠᠨ ᠂ ᠠᠷᠭᠠᠴᠠᠭᠠᠬᠤ ᠪᠣᠳᠣᠯᠭ᠎ᠠ ᠶᠢᠨ ᠲᠤᠬᠠᠢ ᠶᠠᠷᠢᠯᠴᠠᠪᠠ ᠃ ᠸᠠᠩ ᠯᠢ ᠰᠢᠶᠠ ᠪᠠᠶᠢᠨ ᠪᠠᠶᠢᠨ ᠬᠤᠯᠪᠣᠭᠳᠠᠯ ᠪᠦᠬᠦᠢ ᠪᠠᠶᠢᠳᠠᠯ ᠢ ᠠᠰᠠᠭᠤᠵᠤ ᠂ ᠲᠤᠬᠠᠢ ᠶᠢᠨ ᠲᠠᠯᠠᠪᠠᠢ ᠳᠤ ᠣᠷᠣᠨ ᠨᠤᠲᠤᠭ ᠪᠣᠯᠣᠨ ᠰᠠᠯᠠᠭ᠎ᠠ ᠮᠥᠴᠢᠷ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ ᠃

      ᠬᠤᠷᠠᠯ ᠠᠴᠠ ᠂ ᠵᠢᠯ ᠤᠨ ᠡᠬᠢᠨ ᠠᠴᠠ ᠨᠠᠭᠠᠰᠢ ᠂ ᠣᠷᠣᠨ ᠳᠠᠶᠠᠭᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠰᠠᠶᠢᠨ ᠬᠠᠨᠳᠤᠰᠢ ᠪᠠᠨ ᠪᠠᠲᠤᠯᠠᠵᠤ ᠂ ᠪᠠᠶᠠᠷᠯᠠᠭᠤᠰᠢᠲᠠᠢ ᠪᠥᠭᠡᠳ ᠰᠠᠨᠠᠭᠠᠰᠢᠷᠠᠭᠤᠰᠢᠲᠠᠢ ᠪᠠᠶᠢᠳᠠᠯ ᠪᠦᠷ ᠢᠯᠡᠷᠡᠵᠦ ᠂ ᠣᠯᠠᠨ ᠵᠦᠢᠯ ᠤᠨ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ ᠂ ᠵᠠᠬ᠎ᠠ ᠳᠡᠯᠭᠡᠭᠦᠷ ᠤᠨ ᠬᠡᠯᠪᠡᠯᠵᠡᠯ ᠵᠡᠷᠭᠡ ᠲᠣᠬᠳᠠᠭᠠᠯᠳᠤ ᠪᠤᠰᠤ ᠲᠣᠭᠲᠠᠭᠤᠨ ᠪᠤᠰᠤ ᠬᠦᠴᠦᠨ ᠵᠦᠢᠯ ᠤᠨ ᠠᠵᠤ ᠠᠬᠤᠢ ᠳᠤ ᠦᠵᠡᠭᠦᠯᠭᠦ ᠨᠥᠯᠥᠭᠡ ᠶᠢ ᠣᠮᠲᠣᠭᠠᠶᠢᠯᠠᠵᠤ ᠪᠤᠯᠬᠤ ᠦᠭᠡᠢ ᠃ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠤᠯᠭᠠᠵᠦ ᠂ ᠪᠣᠳᠠᠲᠠᠢ ᠠᠬᠤᠢ ᠪᠤᠯᠭᠠᠵᠤ ᠂ ︽ ᠰᠢᠨ᠎ᠡ ᠵᠠᠮ ᠢ ᠨᠡᠭᠡᠭᠡᠬᠦ ᠂ ᠳᠤᠮᠳᠠ ᠶᠢᠨ ᠲᠦᠪᠰᠢᠨ ᠳᠤ ᠣᠷᠣᠬᠤ ︾ ᠬᠠᠷᠠᠯᠲᠠ ᠶᠢᠨ ᠲᠣᠭᠤᠷᠢᠨ ᠳᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ ᠲᠣᠭᠲᠠᠭᠠᠯ ︾ ᠶᠣᠰᠣᠭᠠᠷ ᠂ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠤᠪᠣᠷ ᠲᠣᠬᠢᠶᠠᠯᠳᠤᠬᠤ ᠠᠵᠠ ᠲᠣᠭᠢᠶᠠᠯ ᠢ ᠬᠤᠪᠢ ᠳᠠᠭᠢᠨ ᠢᠶᠠᠷ ᠨᠠᠨᠳᠢᠩᠨᠠᠨ ᠠᠵᠠ ᠲᠣᠭᠢᠶᠠᠯ ᠢ ᠴᠢᠷᠮᠠᠶᠢᠨ ᠠᠳᠬᠤᠵᠤ ᠂ ᠲᠡᠷᠢᠭᠦᠨ ᠤ ᠪᠤᠯᠬᠤ ᠪᠠᠷ ᠴᠢᠷᠮᠠᠶᠢᠨ ᠪᠠᠶᠢᠷᠢ ᠳᠠᠪᠰᠢᠵᠤ ᠂ ᠥᠷᠢᠰᠦᠯᠳᠦᠨ ᠬᠥᠭᠵᠢᠵᠦ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠯᠳᠠᠰᠢ ᠦᠭᠡᠢ ᠴᠢᠩᠭ᠎ᠠ ᠠᠩᠬᠠᠷᠤᠨ ᠂ ᠠᠯᠢ ᠲᠦᠷᠭᠡᠨ ᠢᠶᠠᠷ ᠴᠢᠩᠭ᠎ᠠ ᠠᠳᠬᠤᠵᠤ ᠂ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠭᠡᠬᠦ ︽ ᠵᠠᠩᠭᠢᠯᠠᠭ᠎ᠠ ︾ ᠶᠢ ᠠᠳᠬᠤᠵᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠠᠵᠢᠯ ᠢ ᠴᠢᠩᠭ᠎ᠠ ᠠᠳᠬᠤᠵᠤ ᠂ ︽ ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ ᠰᠡᠭᠦᠯ ᠳᠤ ︾ ᠪᠠᠶᠢᠬᠤ ᠶᠢ ᠴᠢᠩᠭ᠎ᠠ ᠠᠩᠬᠠᠷᠴᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ︽ ᠨᠡᠭᠦᠷᠡᠰᠦ ᠨᠢ ᠡᠬᠢᠨ ᠳᠤ ᠬᠢᠮᠢ ᠶᠢᠨ ᠪᠦᠲᠦᠭᠡᠭᠳᠡᠬᠦᠨ ᠨᠢ ᠰᠡᠭᠦᠯ ᠳᠤ ︾ ᠪᠠᠶᠢᠬᠤ ᠶᠢ ᠴᠢᠩᠭ᠎ᠠ ᠠᠩᠬᠠᠷᠴᠤ ᠤᠯᠠᠮᠵᠢᠯᠠᠯᠲᠤ ᠠᠵᠤ ᠦᠢᠯᠡᠰ ᠤᠨ ︽ ᠬᠥᠭᠰᠢᠨ ᠮᠣᠳᠣᠨ ᠠᠴᠠ ᠰᠢᠨ᠎ᠡ ᠨᠠᠬᠢᠶ᠎ᠠ ᠭᠠᠷᠬᠤ ︾ ᠶᠢ ᠠᠬᠢᠭᠤᠯᠵᠤ ᠂ ᠰᠢᠨ᠎ᠡ ᠡᠨᠧᠷᠭᠢ ᠶᠢ ᠴᠢᠩᠭ᠎ᠠ ᠠᠩᠬᠠᠷᠴᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ︽ ᠲᠤᠯᠭᠠᠭᠤᠷᠢᠯᠠᠯ ᠪᠤᠯᠬᠤ ︾ ᠶᠢ ᠳᠠᠶᠢᠴᠢᠯᠠᠵᠥ ᠂ ᠠᠮᠤᠷ ᠲᠦᠪᠰᠢᠨ ᠤ ᠬᠤᠷᠢᠭ᠎ᠠ ᠱᠤᠭᠤᠮ ᠂ ᠠᠮᠢ ᠠᠬᠤᠢ ᠶᠢᠨ ᠬᠤᠷᠢᠭ᠎ᠠ ᠱᠤᠭᠤᠮ ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠠᠷᠠᠳ ᠤᠨ ᠠᠮᠢᠳᠤᠷᠠᠯ ᠤᠨ 43 ᠪᠣᠳᠠᠲᠤ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠳᠡᠭᠡᠷ᠎ᠡ ᠂ ᠸᠠᠩ ᠯᠢ ᠰᠢᠶᠠ ᠡᠯ᠎ᠡ ᠠᠶᠢᠮᠠᠭ ᠬᠤᠲᠠ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠠᠮᠠᠯᠠᠯᠲᠠ ᠪᠠᠨ ᠪᠡᠶᠡᠯᠡᠭᠦᠯᠦᠭᠰᠡᠨ ᠨᠢ ᠪᠣᠳᠠᠲᠠᠢ ᠪᠢᠰᠢ ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠ ᠵᠣᠭᠤᠰ ᠢᠶᠠᠨ ᠴᠠᠭ ᠲᠤᠬᠠᠢ ᠳᠤᠨᠢ ᠪᠤᠳᠤᠵᠥ ᠥᠭᠭᠦᠭᠰᠡᠨ ᠦᠭᠡᠢ ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠭᠦᠢᠴᠡᠳ ᠦᠭᠡᠢ ᠪᠠ ᠠᠵᠤ ᠠᠬᠤᠶᠢᠯᠠᠯ ᠳᠤ ᠦᠢᠯᠡᠴᠢᠯᠡᠬᠦ ᠣᠯᠠᠨ ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠢᠶᠠᠷ ᠴᠢᠩᠭ᠎ᠠ ᠪᠢᠰᠢ ᠪᠠᠶᠢᠬᠤ ᠂ ᠠᠷᠭ᠎ᠠ ᠬᠡᠮᠵᠢᠶ᠎ᠡ ᠰᠤᠯᠠ ᠪᠠᠶᠢᠬᠤ ᠵᠡᠷᠭᠡ ᠲᠠᠯ᠎ᠠ ᠶᠢᠨ ᠪᠣᠳᠠᠲᠠᠢ ᠠᠰᠠᠭᠤᠳᠠᠯ ᠢ ᠣᠪᠣᠭ ᠨᠡᠷ᠎ᠡ ᠶᠢ ᠨᠢ ᠳᠤᠷᠠᠳᠴᠤ ᠂ ᠰᠡᠳᠦᠪ ᠤᠴᠢᠷ ᠢ ᠨᠢ ᠵᠢᠭᠠᠵᠤ ᠂ ︽ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ︾ ᠂ ᠠᠰᠠᠭᠤᠳᠠᠯ ᠢ ᠰᠢᠢᠳᠪᠦᠷᠢᠯᠡᠬᠦ ᠪᠣᠯ ᠳᠠᠷᠤᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠪᠠᠶᠢᠭ᠎ᠠ ᠶᠠᠪᠤᠳᠠᠯ ᠮᠥᠨ ᠂ ᠺᠠᠳ᠋ᠷᠴᠤᠳ ︽ ᠬᠤᠶᠢᠷᠭᠤᠰᠢᠵᠤ ︾ ᠪᠤᠯᠬᠤ ᠦᠭᠡᠢ ᠂ ᠠᠵᠤ ᠠᠬᠤᠶᠢᠯᠠᠯ ᠴᠤ ︽ ᠬᠤᠶᠢᠷᠭᠤᠰᠢᠵᠤ ︾ ᠪᠤᠯᠬᠤ ᠦᠭᠡᠢ ᠂ ᠠᠵᠤ ᠠᠬᠤᠶᠢᠯᠠᠯ ᠪᠣᠯ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ ᠂ ᠵᠠᠰᠠᠭ ᠤᠨ ᠣᠷᠳᠣᠨ ᠣᠮᠤᠭ ᠲᠡᠭᠦᠯᠳᠡᠷ ᠢᠶᠠᠷ ᠠᠵᠤ ᠠᠬᠤᠶᠢᠯᠠᠯ ᠳᠤ ᠦᠢᠯᠡᠴᠢᠯᠡᠬᠦ ᠬᠡᠷᠡᠭᠲᠡᠢ ᠂ ᠵᠠᠩᠭᠢᠯᠠᠭ᠎ᠠ ᠶᠢᠨ ᠦᠶ᠎ᠡ ᠳᠤ ᠬᠠᠪᠰᠤᠷᠤᠭᠴᠢ ᠪᠣᠯᠵᠤ ᠂ ᠬᠠᠮᠵᠢᠵᠤ ᠳᠡᠮᠵᠢᠬᠦ ᠬᠡᠷᠡᠭᠲᠡᠢ ᠂ ᠠᠵᠤ ᠠᠬᠤᠶᠢᠯᠠᠯ ᠢᠯᠠᠩᠭᠤᠶ᠎ᠠ ᠳᠠᠭᠠᠭᠤᠯᠤᠭᠴᠢ ᠠᠵᠤ ᠠᠬᠤᠶᠢᠯᠠᠯ ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠪᠦᠭᠦ ᠠᠮᠢ ᠨᠠᠰᠤᠨ ᠤ ᠦᠶᠡᠯᠡᠯ ᠤᠨ ᠦᠢᠯᠡᠴᠢᠯᠡᠭᠡ ᠪᠠᠨ ᠴᠢᠩᠭᠠᠳᠬᠠᠵᠤ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠦᠨ ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠴᠢᠩᠭᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠪᠠᠷᠢᠮᠵᠢᠶ᠎ᠠ ᠶᠢᠨ ᠲᠦᠪᠰᠢᠨ ᠢ ᠳᠡᠭᠡᠭᠰᠢᠯᠡᠭᠦᠯᠵᠥ ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠵᠥ ᠂ ᠠᠷᠠᠯᠵᠢᠶᠠᠴᠢᠨ ᠤᠷᠢᠬᠤ ᠂ ᠠᠷᠠᠯᠵᠢᠶᠠᠴᠢᠨ ᠤ ᠠᠮᠤᠷ ᠲᠦᠪᠰᠢᠨ ᠠᠵᠤ ᠳᠦᠷᠦᠭᠦ ᠳᠤ ᠦᠢᠯᠡᠴᠢᠯᠡᠬᠦ ︽ ᠢᠵᠢᠯᠢ ᠳᠠᠭᠤᠤ ︾ ᠶᠢ ᠰᠠᠶᠢᠲᠤᠷ ᠬᠠᠩᠭᠢᠨᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ