ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠠᠵᠤ ᠠᠬᠤᠶᠢᠯᠠᠯ ᠪᠣᠯᠣᠨ ᠠᠷᠠᠳ ᠲᠤ ᠠᠰᠢᠭ ᠬᠦᠷᠲᠡᠭᠡᠬᠦ ᠲᠠᠪᠴᠠᠩ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/7/20


      ᠲᠦᠷᠦᠭᠦᠬᠡᠨ ᠂ ︽ ᠣᠷᠳᠣᠰ ᠤᠨ ᠨᠠᠷᠢᠨ ᠭᠤᠣᠯ ᠪᠠᠶᠠᠨ ᠴᠠᠶᠢᠳᠠᠮ ᠤᠨ ᠠᠭᠤᠷᠬᠠᠢ ᠶᠢᠨ ᠬᠤᠳᠳᠤᠭ ᠤᠨ ᠨᠡᠭᠦᠷᠡᠰᠦᠨ ᠤ ᠡᠬᠢ ᠪᠠᠶᠠᠯᠢᠭ ᠤᠨ ᠨᠠᠷᠢᠨ ᠪᠠᠶᠢᠴᠠᠭᠠᠯᠲᠠ ︾ ᠶᠢᠨ ᠠᠭᠤᠷᠬᠠᠢ ᠬᠠᠶᠢᠬᠤ ᠡᠷᠬᠡ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠰᠢᠰᠲ᠋ᠧᠮ ᠤᠨ ᠰᠦᠯᠵᠢᠶᠡᠨ ᠳᠤ ᠫᠠᠶᠢᠰᠠ ᠡᠯᠭᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠢᠯᠡ ᠪᠠᠷ ᠵᠠᠬ᠎ᠠ ᠳᠡᠯᠭᠡᠭᠦᠷᠴᠢᠯᠡᠨ ᠬᠤᠳᠠᠯᠳᠤᠵᠤ ᠂ ᠡᠴᠦᠰ ᠲᠡᠭᠡᠨ 301.5 ᠳ᠋ᠦᠩᠰᠢᠭᠤᠷ ᠲᠥᠭᠦᠷᠢᠭ ᠢᠶᠠᠷ ᠠᠷᠠᠯᠵᠢᠶᠠᠯᠠᠵᠤ ᠂ ᠥᠰᠦᠭᠰᠡᠨ ᠦᠨ᠎ᠡ ᠶᠢᠨ ᠨᠣᠷᠮ᠎ᠠ ᠨᠢ 300% ᠶᠢ ᠳᠠᠪᠠᠪᠠ ᠃ ᠡᠨᠡ ᠪᠣᠯ ᠥᠪᠥᠷ ᠮᠣᠩᠭᠤᠯ ᠤᠨ ᠠᠩᠬᠠᠳᠠᠭᠴᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠢᠶᠠᠷ ᠨᠡᠭᠦᠷᠡᠰᠦ ᠬᠡᠷᠡᠭᠯᠡᠬᠦ ᠶᠢ ᠲᠥᠷᠥᠯ ᠬᠤᠪᠢᠶᠠᠨ ᠨᠡᠭᠦᠷᠡᠰᠦᠨ ᠠᠭᠤᠷᠬᠠᠢ ᠶᠢᠨ ᠬᠤᠳᠳᠤᠭ ᠤᠨ ᠠᠭᠤᠷᠬᠠᠢ ᠶᠢᠨ ᠦᠢᠯᠡᠰ ᠢ ᠰᠢᠯᠵᠢᠭᠦᠯᠦᠨ ᠬᠤᠳᠠᠯᠳᠤᠭᠰᠠᠨ ᠨᠡᠶᠢᠲᠡᠯᠢᠭ ᠵᠢᠱᠢᠶ᠎ᠡ ᠪᠤᠯᠬᠤ ᠪᠥᠭᠡᠳ ᠪᠠᠰᠠ ᠴᠤ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶ᠎ᠠ ᠶᠢ ︽ ᠨᠢᠭᠡ ᠰᠦᠯᠵᠢᠶ᠎ᠡ ︾ ᠪᠠᠷ ᠲᠦᠯᠬᠢᠨ ᠠᠬᠢᠭᠤᠯᠵᠤ ᠣᠯᠣᠭᠰᠠᠨ ᠢᠯᠡᠳᠲᠡ ᠦᠷ᠎ᠡ ᠪᠦᠲᠦᠮᠵᠢ ᠪᠣᠯᠣᠨ᠎ᠠ ᠃

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤᠮᠳᠠ ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠶᠡᠷᠦᠩᠬᠡᠢ ᠱᠦᠵᠢ ᠰᠢ ᠶᠢᠨ ᠫᠢᠩ ᠤᠨ ︽ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠡᠮᠬᠢᠯᠡᠨ ᠨᠡᠶᠢᠳᠬᠡᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠲᠤᠬᠠᠢ ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 

︽ ᠫᠦᠵᠢᠶᠠᠩ ᠤᠨ ᠲᠤᠷᠰᠢᠯᠭ᠎ᠠ ︾ ᠂ ︽ ᠮᠢᠩᠭ᠎ᠠ ᠲᠦᠮᠡ ᠶᠢᠨ ᠢᠨᠵᠧᠨᠧᠷᠢᠩ ︾ ᠳᠤ ᠠᠭᠤᠯᠤᠭᠳᠠᠵᠤ ᠪᠠᠶᠢᠭ᠎ᠠ ᠣᠶᠢᠯᠠᠭᠠᠭᠳᠠᠬᠤᠨ ᠪᠠ ᠠᠷᠭ᠎ᠠ ᠶᠢ ᠰᠤᠷᠤᠯᠴᠠᠵᠦ ᠡᠵᠡᠮᠰᠢᠨ ᠂ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠨ ᠂ ᠠᠷᠠᠳ ᠤᠨ ᠵᠣᠪᠠᠨᠢᠯ ᠢ ᠠᠷᠢᠯᠭᠠᠵᠤ ᠂ ︽ ᠲᠣᠭᠠᠴᠢᠯᠠᠯᠲᠠ ᠪᠠᠷ ᠭᠡᠯᠪᠡᠷᠢ ᠪᠠᠨ ᠬᠤᠪᠢᠷᠠᠭᠤᠯᠬᠤ ᠂ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠂ ᠲᠤᠰᠬᠠᠶᠢᠵᠢᠭᠰᠠᠨ ᠦᠢᠯᠡᠴᠢᠯᠡᠭᠡ ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠂ ᠨᠢᠭᠡ ᠴᠣᠭᠴᠠᠵᠢᠭᠤᠯᠤᠨ ᠬᠢᠨᠠᠯᠲᠠ ᠲᠠᠯᠪᠢᠬᠤ ︾ ᠲᠠᠪᠤᠨ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠂ ᠪᠦᠭᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ︽ ᠨᠢᠭᠡ ᠰᠦᠯᠵᠢᠶ᠎ᠡ ︾ ᠶᠢᠨ ᠬᠡᠷᠡᠭᠯᠡᠯᠲᠡ ᠶᠢ ᠥᠷᠭᠡᠳᠬᠡᠬᠦ ᠂ ᠪᠦᠭᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠲᠣᠬᠢᠷᠠᠭᠤᠯᠬᠤ ᠲᠠᠪᠴᠠᠩ ᠢ ᠪᠠᠶᠢᠭᠤᠯᠬᠤ ᠂ ᠪᠦᠭᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ CA ᠬᠠᠷᠢᠯᠴᠠᠨ ᠮᠡᠳᠡᠷᠡᠬᠦ ᠠᠵᠢᠯ ᠢ ᠪᠠᠬᠢᠵᠢᠭᠦᠯᠦᠨ ᠳᠡᠭᠡᠭᠰᠢᠯᠡᠭᠦᠯᠭᠦ ᠂ ᠡᠯᠧᠺᠲᠷᠣᠨ ᠪᠠᠲᠤᠯᠠᠭ᠎ᠠ ᠶᠢᠨ ᠪᠢᠴᠢᠭ ᠢ ᠪᠦᠭᠦ ᠲᠠᠯ᠎ᠠ ᠪᠠᠷ ᠬᠡᠷᠡᠭᠵᠢᠭᠦᠯᠬᠦ ᠵᠡᠷᠭᠡ 9 ᠶᠡᠭᠡ ᠶᠠᠪᠤᠳᠠᠯ ᠪᠣᠳᠠᠲᠤ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ ᠂ ᠴᠣᠩᠬᠤᠪᠴᠢ ᠶᠢᠨ ᠥᠨᠳᠥᠷ ᠪᠦᠲᠦᠮᠵᠢᠲᠡᠶ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠥᠷᠭᠡᠨ ᠣᠯᠠᠨ ᠲᠦᠮᠡᠨ ᠳᠤ ᠪᠦᠭᠦ ᠲᠠᠯ᠎ᠠ ᠪᠠᠷ ᠠᠰᠢᠭ ᠬᠦᠷᠲᠡᠭᠡᠭᠰᠡᠨ ᠶᠠᠪᠤᠳᠠᠯ ᠪᠣᠯᠣᠨ᠎ᠠ ᠃

      ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠤᠳᠠᠯᠳᠤᠭ᠎ᠠ ᠡᠷᠭᠢᠯᠡᠭᠦ ᠰᠠᠶᠢᠨ ᠣᠷᠴᠢᠨ ᠨᠥᠬᠦᠴᠡᠯ ᠪᠣᠯ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ︽ ᠬᠥᠳᠡᠯᠭᠡᠭᠦᠷ ︾ ᠪᠤᠯᠬᠤ ᠪᠥᠭᠡᠳ ᠪᠠᠰᠠ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠪᠡᠶᠡᠯᠡᠭᠳᠡᠬᠦ ᠶᠢ ᠪᠠᠲᠤᠯᠠᠬᠤ

︽ᠪᠠᠲᠤᠯᠠᠭ᠎ᠠ ᠶᠢᠨ ᠺᠠᠷᠲ ︾ ᠪᠣᠯᠣᠨ᠎ᠠ ᠃ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠠᠷᠠᠳ ᠣᠯᠠᠨ ᠳᠤ ᠰᠢᠭᠤᠳ ᠦᠢᠯᠡᠴᠢᠯᠡᠬᠦ ᠴᠣᠩᠬᠤᠪᠴᠢ ᠦᠢᠯᠡᠴᠢᠯᠡᠭᠡᠨ ᠤ ᠨᠢᠭᠡᠴᠢ ᠪᠣᠯᠤᠭᠰᠠᠨ ᠤ ᠬᠤᠪᠢ ᠳᠤ ᠂ ᠲᠣᠰ ᠲᠥᠪ ᠨᠢ ᠠᠷᠠᠯᠵᠢᠶᠠᠨ ᠤ ᠭᠤᠣᠯ ᠴᠣᠭᠴᠠ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠂ ᠬᠦᠷᠲᠡᠮᠵᠢ ᠶᠢᠨ ᠲᠥᠷᠥᠭᠳᠡᠯ ᠢ ᠠᠷᠠᠯᠵᠢᠶᠠᠨ ᠤ ᠲᠥᠪ ᠤᠨ ᠠᠵᠢᠯ ᠤᠨ ᠦᠷ᠎ᠡ ᠪᠦᠲᠦᠮᠵᠢ ᠶᠢ ᠦᠨᠡᠯᠡᠬᠦ ︽ ᠠᠯᠲᠠᠨ ᠪᠠᠷᠢᠮᠵᠢᠶ᠎ᠠ ︾ ᠭᠡᠵᠦ ᠦᠵᠡᠪᠡ ᠃ ᠶᠠᠭ ᠲᠤᠰ ᠲᠥᠪ ᠤᠨ ᠡᠷᠭᠢᠯᠡᠭᠴᠢ ᠾᠧ ᠸᠧᠨ ᠵᠢᠶᠦ᠋ᠨ ᠤ ᠬᠡᠯᠡᠭᠰᠡᠨᠴᠢᠯᠡᠨ ᠄ ︽ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠶᠠᠮᠠᠷ ᠪᠠᠶᠢᠬᠤ ᠂ ᠦᠢᠯᠡᠴᠢᠯᠡᠭᠡᠨ ᠤ ᠴᠢᠨᠠᠷ ᠴᠢᠨᠰᠠᠭ᠎ᠠ ᠥᠨᠳᠥᠷ ᠪᠠᠶᠢᠬᠤ ᠡᠰᠡᠬᠦ ᠨᠢ ᠡᠴᠦᠰ ᠤᠨ ᠡᠴᠦᠰ ᠲᠡᠭᠡᠨ ᠠᠷᠠᠯᠵᠢᠶᠠᠨ ᠤ ᠭᠤᠣᠯ ᠴᠣᠭᠴᠠ ᠶᠢᠨ ᠬᠡᠯᠡᠭᠰᠡᠨ ᠢᠶᠠᠷ ᠪᠠᠷᠢᠮᠵᠢᠶᠠᠯᠠᠭᠳᠠᠨ᠎ᠠ ︾ ᠃

      ᠲᠣᠰ ᠲᠥᠪ ᠨᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠦᠢᠯᠡᠴᠢᠯᠡᠭᠡ ᠪᠠᠨ ᠰᠢᠯᠢᠳᠡᠭᠵᠢᠭᠦᠯᠬᠦ ᠪᠠᠷ ᠳᠠᠮᠵᠢᠭᠤᠯᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ︽ ᠳᠣᠲᠣᠨᠣ ᠲᠣᠳᠣᠷᠬᠠᠢ ᠠᠮᠢᠵᠢᠷᠠᠯ ᠤᠨ ᠬᠦᠴᠦᠨ ᠲᠠᠢ ︾ ᠪᠣᠯᠭᠠᠪᠠ ᠃ ︽ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ ︾ ᠵᠠᠷᠴᠢᠮ ᠢ ᠭᠦᠨᠵᠡᠭᠡᠢ ᠨᠠᠶᠢᠳᠠᠪᠤᠷᠢᠵᠢᠭᠤᠯᠵᠤ ᠂ ᠬᠦᠴᠦᠨ ᠵᠦᠢᠯ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ ᠂ ᠪᠦᠭᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ︽ ᠨᠢᠭᠡ ᠯᠡ ᠰᠦᠯᠵᠢᠶ᠎ᠡ ︾ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ ᠂ ᠪᠦᠭᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ︽ ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠤᠶ ᠪᠣᠯᠭᠠᠪᠠ ᠃ ︽ ᠨᠢᠭᠡᠳᠦᠯᠲᠡᠢ ᠵᠢᠷᠤᠮᠵᠢᠭᠤᠯᠬᠤ ︾ ᠵᠠᠷᠴᠢᠮ ᠢ ᠭᠦᠨᠵᠡᠭᠡᠢ ᠨᠠᠷᠢᠯᠢᠭ ᠨᠠᠶᠢᠳᠠᠪᠤᠷᠢᠵᠢᠭᠤᠯᠵᠤ ᠂ ᠴᠣᠩᠬᠤᠪᠴᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ ᠂ ᠦᠵᠦ ᠲᠥᠯᠥᠪᠯᠡᠭᠡ ᠶᠢᠨ ᠠᠷᠠᠯᠵᠢᠶᠠᠨ ᠤ ᠳᠦᠷᠢᠮ ᠢᠶᠠᠷ ᠳᠠᠮᠵᠢᠭᠤᠯᠤᠨ ᠂ ᠪᠦᠭᠦ ᠣᠷᠣᠨ ᠤ ᠰᠦᠯᠵᠢᠶᠡᠨ ᠳᠡᠭᠡᠷ᠎ᠡ ᠠᠷᠠᠯᠵᠢᠶᠠᠯᠠᠬᠤ ᠰᠢᠰᠲ᠋ᠧᠮ ᠢ ᠪᠠᠶᠢᠭᠤᠯᠵᠤ ᠂ ᠰᠢᠰᠲ᠋ᠧᠮ ᠤᠨ ᠬᠡᠷᠡᠭᠯᠡᠯᠲᠡ ᠶᠢ ᠪᠦᠭᠦ ᠲᠠᠯ᠎ᠠ ᠪᠠᠷ ᠠᠬᠢᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠳᠠᠭᠠᠭᠠᠴᠢᠯᠠᠯᠲᠠ ᠵᠠᠷᠯᠠᠬᠤ ᠂ ᠫᠠᠶᠢᠰᠠ ᠡᠯᠭᠦᠬᠦ ᠂ ᠦᠨ᠎ᠡ ᠬᠠᠶᠠᠯᠴᠠᠨ ᠬᠤᠳᠠᠯᠳᠤᠬᠤ ᠵᠡᠷᠭᠡ ᠠᠷᠭ᠎ᠠ ᠮᠠᠶ᠋ᠢᠭ ᠤᠨ ᠨᠢᠭᠡᠳᠦᠯᠲᠡᠢ ᠠᠷᠠᠯᠵᠢᠶ᠎ᠠ ᠶᠢ ᠪᠡᠶᠡᠯᠡᠭᠦᠯᠵᠦ ᠂ ᠠᠷᠠᠯᠵᠢᠶᠠᠨ ᠤ ᠪᠦᠭᠦ ᠶᠠᠪᠤᠴᠠ ᠶᠢᠨ ᠡᠯᠧᠺᠲ᠋ᠣᠷᠣᠨᠴᠢᠯᠠᠭᠰᠠᠨ ᠂ ᠴᠠᠭᠠᠰᠤ ᠥᠯᠥ ᠬᠡᠷᠡᠭᠯᠡᠬᠦ ᠪᠤᠯᠭᠠᠬᠤ ᠪᠠ ᠰᠦᠢᠳᠬᠡᠯ ᠬᠤᠷᠢᠶᠠᠬᠤ ᠦᠭᠡᠢ ᠪᠠᠶᠢᠬᠤ ᠶᠢ ᠪᠦᠷᠢᠮᠦᠰᠦᠨ ᠪᠡᠶᠡᠯᠡᠭᠦᠯᠪᠡ ᠃ ︽ ᠢᠯᠡ ᠲᠣᠳᠣᠷᠬᠠᠢ ︾ ᠪᠠᠶᠢᠬᠤ ᠵᠠᠷᠴᠢᠮ ᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠂ ᠢᠯᠡ ᠪᠠᠷ ᠠᠷᠠᠯᠵᠢᠶᠠᠯᠠᠬᠤ ᠶᠢ ᠪᠦᠭᠦ ᠲᠠᠯ᠎ᠠ ᠪᠠᠷ ᠬᠡᠷᠡᠭᠵᠢᠭᠦᠯᠦᠨ ᠂ ︽ ᠬᠢᠷᠢ ᠭᠡᠮ ᠢ ᠰᠡᠭᠦᠯᠡᠷ ᠬᠢᠨᠠᠬᠤ ︾ ᠵᠠᠭᠪᠤᠷ ᠢ ᠬᠡᠷᠡᠭᠯᠡᠵᠦ ᠂ ᠪᠦᠭᠦ ᠶᠠᠪᠤᠴᠠ ᠶᠢ ᠡᠯᠧᠺᠲᠷᠤᠨᠴᠢᠯᠠᠬᠤ ᠂ ᠠᠭᠤᠯᠵᠠᠬᠤ ᠦᠭᠡᠢ ᠪᠠᠷ ᠠᠷᠠᠯᠵᠢᠶᠠᠯᠠᠬᠤ ᠂ ᠦᠢᠯᠡᠴᠢᠯᠡᠬᠦ ᠡᠲᠡᠭᠡᠳ ᠤᠨ ᠠᠷᠠᠯᠵᠢᠶᠠᠨ ᠤ ᠮᠡᠳᠡᠭᠡ ᠵᠠᠩᠭᠢ ᠶᠢ ᠣᠯᠬᠤ ᠳᠤ ︽ ᠰᠠᠭᠠᠳ ᠦᠭᠡᠢ ︾ ᠂ ︽ ᠵᠥᠷᠢᠶ᠎ᠡ ᠦᠭᠡᠢ ︾ ᠂ ︽ ᠢᠵᠢᠯᠢ ᠠᠯᠬᠤᠮ ᠳᠠᠷᠠᠭ᠎ᠠ ᠲᠠᠢ ︾ ᠪᠠᠶᠢᠬᠤ ᠶᠢ ᠪᠡᠶᠡᠯᠡᠭᠦᠯᠪᠡ ᠃

      ᠨᠢᠭᠡ ᠲᠠᠯ᠎ᠠ ᠪᠠᠷ ᠦᠢᠯᠡᠴᠢᠯᠡᠭᠡ ᠶᠢ ᠰᠢᠯᠢᠳᠡᠭᠵᠢᠭᠦᠯᠬᠦ ᠳᠡᠭᠡᠷ᠎ᠡ ︽ ᠨᠡᠮᠡᠬᠦ ᠠᠷᠭ᠎ᠠ ︾ ᠬᠢᠵᠦ ᠂ ᠨᠥᠭᠦᠭᠡ ᠲᠠᠯ᠎ᠠ ᠪᠠᠷ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠳᠡᠭᠡᠷ᠎ᠡ ︽ ᠬᠠᠰᠤᠬᠤ ᠠᠷᠭ᠎ᠠ ︾ ᠬᠢᠪᠡ ᠃ ᠲᠣᠰ ᠲᠥᠪ ᠨᠢ ︽ ᠦᠢᠯᠡᠴᠢᠯᠡᠭᠡ ᠥᠨᠳᠥᠷ ᠪᠦᠲᠦᠮᠵᠢᠲᠡᠶ ᠪᠠᠶᠢᠬᠤ ︾ ᠵᠠᠷᠴᠢᠮ ᠢ ᠭᠦᠨᠵᠡᠭᠡᠢ ᠨᠠᠶᠢᠳᠠᠪᠤᠷᠢᠵᠢᠭᠤᠯᠵᠤ ᠂ ᠳᠠᠭᠠᠭᠠᠴᠢᠯᠠᠯᠲᠠ ᠭᠥᠯᠢᠶᠡᠨ ᠨᠡᠷ᠎ᠡ ᠮᠡᠳᠡᠭᠦᠯᠬᠦ ᠰᠦᠢᠳᠬᠡᠯ ᠢ ᠬᠦᠴᠦᠨ ᠦᠭᠡᠢ ᠪᠤᠯᠭᠠᠬᠤ ᠪᠠᠷ ᠳᠠᠮᠵᠢᠨ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠤᠷᠢᠶᠠᠬᠤ ᠦᠭᠡᠢ ᠪᠤᠯᠭᠠᠵᠤ ᠂ ᠡᠯᠧᠺᠲᠷᠣᠨ ᠪᠠᠲᠤᠯᠠᠭ᠎ᠠ ᠶᠢᠨ ᠪᠢᠴᠢᠭ ᠢ ᠶᠡᠭᠡ ᠪᠠᠷ ᠬᠡᠷᠡᠭᠵᠢᠭᠦᠯᠵᠦ ᠂ CA ᠦᠨᠡᠮᠯᠡᠯ ᠤᠨ ︽ ᠨᠢᠭᠡ ᠭᠠᠵᠠᠷ ᠲᠤ ᠳᠠᠩᠰᠠᠯᠠᠭᠤᠯᠪᠠᠯ ᠂ ᠪᠦᠭᠦ ᠣᠷᠣᠨ ᠳᠤ ᠬᠠᠷᠢᠯᠴᠠᠨ ᠮᠡᠳᠡᠷᠡᠬᠦ ︾ ᠶᠢ ᠪᠦᠭᠦ ᠲᠠᠯ᠎ᠠ ᠪᠠᠷ ᠪᠡᠶᠡᠯᠡᠭᠦᠯᠵᠦ ᠂ ︽ ᠢᠨᠲ᠋ᠧᠷ ᠰᠦᠯᠵᠢᠶ᠎ᠡ + ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ︾ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠠᠬᠢᠭᠤᠯᠵᠤ ᠂ ᠵᠠᠷᠤᠳᠠᠯ ᠢ ᠪᠠᠭᠠᠰᠬᠠᠬᠤ ᠂ ᠮᠠᠲ᠋ᠧᠷᠢᠶᠠᠯ ᠢ ᠪᠠᠭᠠᠰᠬᠠᠬᠤ ᠂ ᠴᠠᠭ ᠤᠨ ᠬᠢᠵᠠᠭᠠᠷ ᠢ ᠪᠠᠭᠠᠰᠬᠠᠬᠤ ᠂ ᠲᠦᠭᠰᠢᠭᠦᠷᠢ ᠶᠢ ᠪᠠᠭᠠᠰᠬᠠᠬᠤ ︽ ᠳᠥᠷᠪᠡ ᠶᠢ ᠪᠠᠭᠠᠰᠬᠠᠬᠤ ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠷᠠᠯᠵᠢᠶ᠎ᠠ ᠶᠢᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠡᠷᠢᠭᠦᠨ ᠵᠡᠷᠭᠡ ᠶᠢᠨ ᠠᠷᠠᠯᠵᠢᠶᠠᠨ ᠤ ᠲᠠᠪᠴᠠᠩ ᠂ ᠲᠡᠷᠢᠭᠦᠨ ᠵᠡᠷᠭᠡ ᠶᠢᠨ ᠳᠦᠷᠢᠮ ᠤᠨ ᠰᠢᠰᠲ᠋ᠧᠮ ᠂ ᠲᠡᠷᠢᠭᠦᠨ ᠵᠡᠷᠭᠡ ᠶᠢᠨ ᠲᠤᠬᠠᠶᠢᠯᠠᠭᠰᠠᠨ ᠠᠵᠢᠯ ᠤᠨ ᠪᠦᠯᠭᠦᠮ ᠂ ᠲᠡᠷᠢᠭᠦᠨ ᠵᠡᠷᠭᠡ ᠶᠢᠨ ᠦᠢᠯᠡᠴᠢᠯᠡᠭᠡᠨ ᠤ ᠲᠥᠷᠥᠯ ᠲᠡᠮᠳᠡᠭᠲᠦ ᠪᠠ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠰᠠᠨ ᠪᠠᠶᠢᠨ᠎ᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ