ᠸᠠᠩ ᠯᠢ ᠰᠢᠶᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠷᠬᠢᠯᠡᠨ ᠰᠤᠳᠤᠯᠪᠠ
ᠨᠡᠶᠢᠲᠡᠯᠡᠭᠰᠡᠨ ᠴᠠᠭ᠄
2023/7/27


      7 ᠰᠠᠷ᠎ᠠ ᠶᠢᠨ 26 ᠤ ᠡᠳᠦᠷ᠂ ᠸᠠᠩ ᠯᠢ ᠰᠢᠶᠠ ᠭᠤᠣᠯᠳᠠᠯᠭ᠎ᠠ ᠲᠠᠢ ᠠᠵᠤ ᠤᠶᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠬᠤᠶᠠᠳᠤᠭᠠᠷ ᠤᠳᠠᠭ᠎ᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦᠯᠢ ᠡᠳᠦᠷ ᠤᠨ ᠴᠠᠭ ᠢ ᠠᠰᠢᠭᠯᠠᠵᠤ᠂ ︽ᠰᠠᠯᠬᠢ ᠭᠡᠷᠡᠯ ᠤᠰᠤᠳᠦ᠋ᠷᠦᠭᠴᠢ ᠨᠥᠭᠡᠴᠡ ᠮᠠᠰᠢᠨ ᠲᠡᠷᠭᠡ︾ ᠶᠢᠨ ᠲᠣᠨᠣᠭᠯᠠᠯ ᠦᠢᠯᠡᠳᠬᠦ᠂ ᠬᠤᠪᠣᠷ ᠰᠢᠷᠤᠢ᠂ ᠮᠢᠬ᠎ᠠ ᠲᠦᠮᠦᠰᠦ ᠨᠣᠣᠯᠤᠭᠤᠷ ᠢ ᠨᠠᠷᠢᠯᠢᠭ ᠬᠦᠨᠵᠡᠭᠡᠢ ᠡᠳ᠋ᠰᠢᠭᠦᠯᠬᠦ ᠵᠡᠷᠭᠡ 13 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠠᠶᠢᠳᠠᠯ ᠤᠨ ᠲᠤᠬᠠᠢ 8 ᠳᠡᠳ᠋ ᠲᠡᠷᠢᠭᠦᠯᠡᠭᠴᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠯᠬᠢᠶ᠎ᠡ ᠶᠢᠨ ᠳᠠᠷᠤᠭ᠎ᠠ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ᠂ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠬᠠᠮᠲᠤ ᠪᠠᠷ ᠠᠰᠠᠭᠤᠳᠠᠯ ᠢ ᠡᠮᠬᠢᠯᠡᠵᠦ᠂ ᠨᠢᠭᠡᠳ ᠨᠢᠭᠡ ᠪᠠᠷ ᠠᠵᠢᠯ ᠤᠨ ᠳᠠᠩᠰᠠ ᠲᠣᠮᠢᠯᠠᠵᠤ᠂ ᠡᠭᠦᠷᠭᠡ ᠬᠤᠪᠢᠶᠠᠨ᠂ ᠬᠠᠷᠢᠭᠤᠴᠠᠯᠭ᠎ᠠ ᠶᠢ ᠪᠣᠲᠠᠲᠠᠶᠢᠵᠢᠭᠤᠯᠪᠠ᠃

      ᠸᠠᠩ ᠯᠢ ᠰᠢᠶᠠ ᠂ 8  ᠲᠣᠮᠣ ᠠᠵᠤ ᠦᠢᠯᠡᠰ ᠤᠨ ᠪᠦᠯᠦᠭᠵᠢᠯ ᠪᠣᠯᠣᠨ 16 ᠵᠣᠷᠪᠣᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ︽ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠴᠢᠬᠤᠯᠠ ᠭᠠᠷᠳᠠᠴᠠ ᠮᠥᠨ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠬᠤᠶᠠᠷ ᠶᠡᠭᠡ ᠰᠠᠭᠤᠷᠢᠨ︾ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ ︽ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠣᠰᠤᠭᠠᠷ ᠭᠤᠣᠯᠳᠠᠯᠭ᠎ᠠ ᠲᠠᠢ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠪᠤᠵᠠᠭᠠᠶᠢᠷᠠᠭᠤᠯᠬᠤ ᠬᠡᠷᠡᠭᠲᠡᠢ᠃ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠦᠷᠢ ᠶᠢᠨ ᠲᠦᠭᠵᠢᠷᠡᠯ ᠬᠦᠴᠢᠷᠳᠡᠯ ᠢ ᠠᠩᠬᠠᠷᠴᠤ᠂ ᠠᠰᠠᠭᠤᠳᠠᠯ ᠲᠠᠢ ᠪᠠᠶᠢᠪᠠᠯ ᠲᠡᠷᠡ ᠳᠠᠷᠤᠢ ᠳᠤᠨᠢ ᠲᠤᠰᠬᠠᠯ ᠭᠠᠷᠭᠠᠬᠤ᠂ ᠠᠷᠭ᠎ᠠ ᠬᠡᠮᠵᠢᠶ᠎ᠡ ᠠᠪᠬᠤ᠂ ᠦᠷ᠎ᠡ ᠳ᠋ᠦᠩ ᠭᠠᠷᠭᠠᠬᠤ ᠬᠡᠷᠡᠭᠲᠡᠢ᠃ ᠬᠤᠶᠠᠷ ᠲᠤ᠂ ᠵᠠᠰᠠᠭ ᠠᠵᠤ ᠠᠬᠤᠶᠢᠯᠠᠯ ᠰᠡᠳᠬᠢᠯ ᠨᠢᠭᠡᠳᠦᠨ᠂ ᠬᠡᠯᠬᠢᠶ᠎ᠡ ᠶᠢᠨ ᠳᠠᠷᠤᠭ᠎ᠠ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠲᠢᠩᠬᠢᠮ ᠲᠣᠪᠴᠢᠶ᠎ᠠ ᠬᠠᠷᠢᠭᠤᠴᠠᠯᠭ᠎ᠠ ᠪᠠᠨ ᠭᠦᠢᠴᠡᠳᠬᠡᠨ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠬᠡᠯᠬᠢᠶ᠎ᠡ ᠶᠢ ᠴᠢᠩᠭᠠᠯᠠᠨ᠂ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠬᠤ ᠬᠡᠷᠡᠭᠲᠡᠢ᠃ ᠭᠤᠷᠪᠠ ᠳᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠢᠭᠡᠲᠦᠯᠲᠡᠢ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ︽ᠭᠠᠵᠠᠷ ᠰᠠᠢ ᠦᠭᠡᠢ ᠪᠠᠶᠢᠭᠤᠯᠵᠤ︾᠂ ︽ᠰᠠᠶᠢᠨ ᠮᠠᠭᠤ ᠶᠢ ᠢᠯᠭᠠᠬᠤ ᠦᠭᠡᠢ︾ ᠪᠠᠶᠢᠵᠤ ᠪᠣᠯᠬᠤ ᠦᠭᠡᠢ᠃ ᠳᠥᠷᠪᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠣᠮᠣ ᠲᠥᠷᠥᠯ ᠵᠦᠢᠯ᠂ ᠰᠢᠯᠢᠳᠡᠭ ᠲᠥᠷᠥᠯ ᠵᠦᠢᠯ ᠢ ᠣᠨᠣᠪᠴᠢᠲᠠᠢ ᠪᠠᠷ ᠣᠷᠣᠭᠤᠯᠤᠨ ᠠᠪᠴᠢᠷᠠᠵᠤ᠂ᠨᠥᠭᠡᠴᠡᠯᠡᠬᠦ ᠂ ᠨᠠᠶᠢᠳᠠᠪᠤᠷᠢᠵᠢᠭᠤᠯᠬᠤ᠂ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦ ᠪᠠᠷ ᠢᠶᠠᠨ ᠠᠳᠬᠤᠬᠤ ᠬᠡᠷᠡᠭᠲᠡᠢ᠃ ᠲᠠᠪᠤ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠢ ᠰᠠᠶᠢᠲᠤᠷ ᠠᠰᠢᠭᠯᠠᠵᠤ᠂ ᠦᠷ᠎ᠡ ᠪᠦᠲᠦᠭᠡᠯ ᠢ ᠢᠯᠡᠭᠦᠬᠡᠨ ᠡᠭᠦᠳᠴᠦ᠂ ᠴᠢᠳᠠᠪᠤᠷᠢᠲᠠᠨ ᠢ ᠬᠦᠮᠦᠵᠢᠭᠦᠯᠬᠦ ᠪᠠ ᠣᠷᠣᠭᠤᠯᠤᠨ ᠠᠪᠴᠢᠷᠠᠬᠤ ᠬᠡᠷᠡᠭᠲᠡᠢ᠃ ᠵᠢᠷᠭᠤᠭ᠎ᠠ ᠳᠤ᠂ ᠲᠥᠷᠥ ᠶᠢᠨ ᠪᠣᠳᠣᠯᠭ᠎ᠠ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠳᠠᠬᠢ ᠪᠣᠲᠠᠲᠠᠢ ᠬᠦᠴᠢᠷᠳᠡᠯ ᠳᠤ ᠴᠢᠭᠯᠡᠭᠦᠯᠦᠨ᠂ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠬᠠᠩᠭᠠᠨ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ︽ᠲᠣᠭᠲᠠᠭᠠᠭᠰᠠᠨ ᠲᠥᠷᠥ ᠶᠢᠨ ᠪᠣᠳᠣᠯᠭ᠎ᠠ ᠪᠠᠨ ᠪᠢ ᠭᠦᠢᠴᠡᠳᠬᠡᠬᠦ︾ ᠶᠢ ᠪᠡᠶᠡᠯᠡᠭᠦᠯᠵᠦ᠂ ︽ᠡᠴᠦᠰ ᠤᠨ ᠨᠢᠭᠡ ᠮᠧᠲᠷ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠶᠢᠳᠠᠪᠤᠷᠢᠵᠢᠭᠤᠯᠬᠤ ᠦᠭᠡᠢ᠂ ᠨᠠᠶᠢᠳᠠᠪᠤᠷᠢᠵᠢᠭᠤᠯᠬᠤ ᠨᠢ ᠪᠣᠲᠠᠲᠠᠢ ᠪᠢᠰᠢ ᠪᠠᠶᠢᠪᠠᠯ ᠰᠢᠢᠳᠪᠦᠷᠢᠯᠡᠬᠦ ᠠᠷᠭ᠎ᠠ ᠤᠬᠠᠭᠠᠨ ᠭᠠᠷᠭᠠᠵᠤ᠂ ᠰᠢᠯᠲᠠᠭᠠᠨ ᠢ ᠨᠢ ᠲᠣᠳᠣᠷᠬᠠᠶᠢᠯᠠᠵᠤ᠂ ᠠᠵᠤ ᠠᠬᠤᠶᠢᠯᠠᠯ ᠳᠤ

︽ᠴᠠᠭ ᠤᠨ ᠬᠤᠷ᠎ᠠ︾ ᠪᠠᠭᠤᠯᠭᠠᠬᠤ ᠬᠡᠷᠡᠭᠲᠡᠢ᠃ ᠵᠠᠰᠠᠭ ᠤᠨ ᠣᠷᠳᠣᠨ ᠨᠢ ᠠᠵᠤ ᠠᠬᠤᠶᠢᠯᠠᠯ ᠢ ᠴᠢᠬᠤᠯᠠᠴᠢᠯᠠᠵᠤ᠂ ᠡᠬᠢ ᠪᠠᠶᠠᠯᠢᠭ ᠨᠢ ᠰᠠᠶᠢᠨ ᠪᠣᠯᠪᠠᠴᠤ ᠣᠨᠳᠣᠣᠰᠢᠭᠤᠯᠵᠤ ᠪᠠᠶᠢᠬᠤ ᠨᠢ ᠰᠠᠶᠢᠨ ᠪᠢᠰᠢ᠂ ᠦᠢᠯᠡᠳᠪᠦᠷᠢᠯᠡᠯ ᠤᠨ ᠬᠡᠮᠵᠢᠶ᠎ᠡ ᠨᠢ ᠰᠠᠶᠢᠨ ᠪᠣᠯᠪᠠᠴᠤ ᠠᠵᠤ ᠦᠢᠯᠡᠰ ᠨᠢ ᠰᠠᠶᠢᠨ ᠪᠢᠰᠢ ᠪᠠᠶᠢᠬᠤ ᠵᠡᠷᠭᠡ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠴᠢᠨᠠᠷ ᠰᠠᠶᠢᠲᠠᠢ ᠬᠦᠭᠵᠢᠯᠲᠡ ᠶᠢᠨ ᠶᠡᠭᠡ ᠠᠭᠤᠷ ᠠᠮᠢᠰᠬᠤᠯ ᠢ ᠭᠠᠷ ᠬᠤᠯᠪᠤᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠴᠢ᠊ ᠪᠠᠲᠤ᠂ ᠪᠣᠤ ᠰᠢᠶᠠᠨ ᠬᠤᠸᠠ᠂ ᠵᠧᠩ ᠭᠤᠸᠠᠩ ᠵᠣᠤ᠂ ᠶᠣᠤ ᠶᠦᠩ ᠪᠦᠸᠧ᠂ ᠶᠠᠩ ᠶᠢᠨ᠂ ᠪᠠᠢ ᠴᠢᠩ ᠶᠤᠸᠠᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠬᠠᠮᠲᠤ ᠪᠠᠷ ᠰᠣᠳᠣᠯᠵᠠᠢ᠃

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ