ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/3

      6 ᠰᠠᠷ᠎ᠠ ᠶᠢᠨ 30᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠲᠤᠰᠬᠠᠢ ᠴᠡᠭᠴᠡᠯᠡᠨ ᠵᠠᠰᠠᠬᠤ ᠡᠭᠦᠷᠭᠡ ᠶᠢᠨ ᠲᠤᠬᠠᠢ ᠲᠣᠬᠢᠷᠠᠭᠤᠯᠤᠨ ᠪᠠᠶᠢᠷᠢᠯᠠᠭᠤᠯᠪᠠ᠃

      ᠬᠤᠷᠠᠯ ᠠᠴᠠ ︽ᠬᠠᠭᠠᠰ ᠳᠤᠲᠠᠭᠤ ᠤᠷᠭᠢᠬᠰᠠᠨ︾ ᠢᠨᠵᠧᠨᠧᠷᠢᠩ ᠢ ᠲᠤᠶᠢᠯᠪᠤᠷᠢᠲᠠᠢ ᠰᠢᠢᠳᠪᠦᠷᠢᠯᠡᠬᠦ ᠪᠠ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ ᠲᠣᠬᠢᠷᠠᠭᠤᠯᠵᠤ᠂ ᠪᠦᠭᠦ ᠣᠷᠣᠨ ᠤ ︽ᠬᠠᠭᠠᠰ ᠳᠤᠲᠠᠭᠤ ᠤᠷᠭᠢᠬᠰᠠᠨ︾ ᠢᠨᠵᠧᠨᠧᠷᠢᠩ ᠢ ᠠᠮᠢᠳᠤᠯᠢᠭ ᠪᠤᠯᠭᠠᠬᠰᠠᠨ ᠨᠣᠷᠮ᠎ᠠ ᠨᠢᠭᠡᠨᠲᠡ 89.1%᠎ ᠳᠤ ᠬᠦᠷᠴᠦ᠂ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢᠨ ᠵᠢᠯ ᠤᠨ ᠰᠢᠩᠭᠡᠭᠡᠬᠦ ᠡᠭᠦᠷᠭᠡ ᠶᠢᠨ 53.5%᠎ ᠶᠢ ᠪᠡᠶᠡᠯᠡᠭᠦᠯᠵᠦ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠠᠵᠢᠯ ᠣᠨ ᠤ ᠡᠭᠦᠷᠭᠡ ᠶᠢᠨ ᠢᠶᠠᠨ 72.4%᠎ ᠶᠢ ᠪᠡᠶᠡᠯᠡᠭᠦᠯᠵᠦ᠂ ᠦᠯᠡᠳᠡᠭᠰᠡᠨ ᠨᠢ ᠴᠥᠮ ᠰᠢᠢᠳᠪᠦᠷᠢᠯᠡᠬᠦ ᠳᠤ ᠪᠡᠷᠬᠡ ᠬᠦᠴᠢᠷ ᠠᠰᠠᠭᠤᠳᠠᠯ ᠪᠣᠯᠣᠨ᠎ᠠ᠂ ᠴᠢᠩᠭ᠎ᠠ ᠠᠳᠬᠤᠵᠤ ᠱᠠᠯᠠᠪᠳᠠᠨ ᠬᠢᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠮᠢᠳᠤᠯᠢᠭ ᠪᠤᠯᠭᠠᠵᠤ ᠴᠢᠳᠠᠭᠰᠠᠨ ᠦᠭᠡᠢ ᠶᠢ ᠨᠢ ᠨᠢᠭᠡᠳ ᠨᠢᠭᠡ ᠪᠠᠷ ᠰᠢᠢᠳᠪᠦᠷᠢᠯᠡᠬᠦ ᠪᠣᠳᠣᠯᠭ᠎ᠠ ᠠᠪᠴᠤ᠂ ᠨᠢᠭᠡᠨᠲᠡ ᠠᠮᠢᠳᠤᠯᠢᠭ ᠪᠤᠯᠭᠠᠬᠰᠠᠨ ᠢ ᠨᠢ ᠠᠬᠢᠴᠠ ᠶᠢ ᠨᠢ ᠨᠢᠭᠡᠳ ᠨᠢᠭᠡ ᠪᠠᠷ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠣᠭᠲᠠᠴᠠ ᠪᠠᠨ ᠲᠡᠭᠦᠯᠳᠡᠷᠵᠢᠭᠦᠯᠵᠦ᠂ ᠳᠦᠷᠢᠮ ᠢᠶᠠᠨ ᠪᠦᠷᠢᠨᠰᠢᠭᠦᠯᠵᠦ᠂ ᠳᠠᠷᠤᠭᠳᠠᠵᠤ ᠪᠠᠶᠢᠭ᠎ᠠ ᠪᠡᠯᠡ ᠮᠥᠩᠭᠦ ᠪᠣᠯᠣᠨ ︽ᠬᠠᠭᠠᠰ ᠳᠤᠲᠠᠭᠤ ᠤᠷᠭᠢᠬᠰᠠᠨ︾ ᠢᠨᠵᠧᠨᠧᠷᠢᠩ ᠰᠢᠨ᠎ᠡ ᠪᠠᠷ ᠪᠤᠢ ᠪᠤᠯᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠣᠯᠠᠨᠲᠠ ᠴᠠᠭᠠᠵᠠᠯᠠᠭᠰᠠᠨ ᠴᠤ ᠦᠯᠦ ᠲᠠᠰᠤᠷᠠᠬᠤ ᠶᠠᠪᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠭᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠨᠢᠭᠡᠨᠲᠡ 4 ᠪᠦᠯᠦᠭ ᠤᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠨᠢᠭᠡ ᠪᠦᠯᠦᠭ ᠠᠰᠠᠭᠤᠳᠠᠯ ᠢ ᠢᠯᠡᠷᠡᠭᠦᠯᠦᠭᠰᠡᠨ ᠪᠥᠭᠡᠳ ᠰᠢᠢᠳᠪᠦᠷᠢᠯᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠬᠠᠷᠢᠭᠤ ᠲᠤᠰᠬᠠᠭᠰᠠᠨ ᠠᠰᠠᠭᠤᠳᠠᠯ ᠪᠠ ᠥᠪᠡᠷ ᠢᠶᠠᠨ ᠪᠠᠶᠢᠴᠠᠭᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠬᠦ ᠰᠠᠶᠢᠵᠢᠷᠠᠭᠤᠯᠵᠤ ᠲᠦᠷᠭᠡᠨ ᠰᠠᠶᠢᠵᠢᠷᠠᠭᠤᠯᠵᠤ᠂ ᠨᠣᠮᠣᠬᠠᠨ ᠰᠢᠳᠤᠷᠭᠤ ᠪᠠᠷ ᠲᠤᠭᠤᠰᠢᠲᠠᠢ ᠰᠠᠶᠢᠵᠢᠷᠠᠭᠤᠯᠬᠤ ᠬᠡᠷᠡᠭᠲᠡᠢ᠃ ᠦᠨᠡᠨ ᠬᠦ ᠪᠠᠶᠢᠴᠠᠭᠠᠵᠤ ᠴᠢᠩᠭ᠎ᠠ ᠪᠠᠶᠢᠴᠠᠭᠠᠵᠤ᠂ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠲᠠᠨᠢᠯᠲᠠ ᠪᠠᠷ ᠬᠦᠷᠦᠯᠴᠡᠬᠦ ᠦᠭᠡᠢ᠂ ᠪᠠᠶᠢᠴᠠᠭᠠᠭᠰᠠᠨ ᠢᠶᠠᠷ ᠴᠢᠩᠭ᠎ᠠ ᠦᠭᠡᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠢ ᠰᠢᠭᠤᠳ ᠢᠯᠡᠴᠢᠯᠡᠨ ᠨᠡᠷ᠎ᠡ ᠳᠤᠷᠠᠳᠴᠤ᠂ ᠲᠤᠭᠤᠰᠢᠲᠠᠢ ᠪᠠᠶᠢᠴᠠᠭᠠᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ᠲᠤᠭ᠎ᠠ ᠪᠠᠷᠢᠮᠲᠠ ᠶᠢ ᠪᠦᠷᠢᠳᠬᠡᠬᠦ ᠠᠵᠢᠯᠯᠠᠭ᠎ᠠ ᠶᠢ ᠵᠢᠷᠤᠮᠵᠢᠭᠤᠯᠵᠤ᠂ ᠦᠨᠡᠨ ᠪᠣᠳᠠᠲᠠᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠪᠠ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ ᠪᠠᠰᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠵᠡᠷᠭᠡ ᠵᠦᠢᠯ ᠢ ᠲᠣᠬᠢᠷᠠᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ