ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/31

      7 ᠰᠠᠷ᠎ᠠ ᠶᠢᠨ 28 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠰᠢᠰᠲ᠋ᠧᠮ ᠤᠨ ᠪᠦᠰᠡᠯᠡᠯᠲᠡ ᠶᠢ ᠰᠢᠪᠲᠤᠯᠬᠤ ᠬᠡᠷᠡᠭᠵᠢᠭᠦᠯᠬᠦ ᠲᠥᠰᠥᠯ ᠢ ᠰᠤᠳᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠯᠤᠭ᠎ᠠ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠣᠨᠢᠯᠠᠵᠤ᠂ ᠨᠢᠭᠡ ᠳᠤ᠂ ︽ᠲᠤᠶᠢᠯᠪᠤᠷᠢᠲᠠᠢ ᠪᠠᠶᠢᠴᠠᠭᠠᠬᠤ︾ ᠶᠢ ᠪᠦᠭᠦ ᠲᠠᠯ᠎ᠠ ᠪᠠᠷ ᠥᠷᠨᠢᠭᠦᠯᠵᠦ᠂ ᠡᠵᠡᠩᠨᠡᠯᠲᠡ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠦᠯᠡᠳᠡᠭᠳᠡᠯ ᠠᠰᠠᠭᠤᠳᠠᠯ ᠢ ᠲᠣᠳᠣᠷᠬᠠᠢ ᠣᠶᠢᠯᠠᠭᠠᠵᠤ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠥᠭᠡᠷᠡᠴᠢᠯᠡᠯᠲᠡ ᠭᠡᠬᠦ ᠡᠨᠡ ᠬᠦ ᠭᠤᠣᠯᠳᠠᠯᠭ᠎ᠠ ᠶᠢ ᠠᠳᠬᠤᠵᠤ᠂ ᠵᠠᠬ᠎ᠠ ᠳᠡᠯᠭᠡᠭᠦᠷᠴᠢᠯᠡᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠰᠠᠶᠢᠲᠤᠷ ᠬᠠᠮᠢᠶᠠᠷᠴᠤ ᠪᠣᠳᠠᠲᠠᠢ ᠬᠠᠮᠢᠶᠠᠷᠴᠤ᠂ ᠶᠠᠭᠠᠬᠢᠭᠰᠠᠨ ᠴᠤ ︽ᠡᠨᠡ ᠬᠦ ᠬᠠᠯᠠᠭᠤᠨ ᠨᠣᠭᠤᠭ᠎ᠠ ᠶᠢ ᠬᠥᠷᠥᠭᠡᠵᠦ ᠪᠤᠯᠬᠤ ᠦᠭᠡᠢ︾᠃ ᠭᠤᠷᠪᠠ ᠳᠤ᠂ ᠠᠯᠳᠠᠭᠳᠠᠯ ᠲᠠᠢ ᠪᠠᠶᠢᠭᠰᠠᠨ ᠢ ᠬᠤᠪᠢᠷᠠᠭᠤᠯᠬᠤ ᠪᠠᠷ ᠬᠠᠷᠠᠯᠲᠠ ᠪᠤᠯᠭᠠᠵᠤ᠂ ︽ᠨᠢᠭᠡ ᠪᠦᠯᠦᠭ ᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ᠂ ᠨᠢᠭᠡ ᠪᠦᠯᠦᠭ ᠢ ᠵᠣᠬᠢᠶᠠᠨ ᠪᠠᠶᠢᠭᠤᠯᠤᠨ ᠲᠣᠬᠢᠷᠠᠭᠤᠯᠬᠤ᠂ ᠨᠢᠭᠡ ᠪᠦᠯᠦᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ᠂ ᠨᠢᠭᠡ ᠪᠦᠯᠦᠭ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ︾ ᠶᠢ ᠲᠦᠷᠭᠡᠳᠬᠡᠨ ᠠᠬᠢᠭᠤᠯᠵᠤ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠᠷ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ  ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠠᠰ ᠳᠡᠪᠰᠢᠭᠰᠡᠨ ᠬᠡᠪᠯᠡᠯ ᠢ ᠰᠤᠳᠤᠯᠵᠤ᠂ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ᠂ ᠨᠢᠭᠡ ᠳᠤ᠂ ᠠᠷᠭ᠎ᠠ ᠪᠦᠭᠦᠨ ᠢ ᠰᠦᠪᠡᠭᠴᠢᠯᠡᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠦᠢᠯᠡᠰ ᠤᠨ ᠬᠡᠯᠬᠢᠶ᠎ᠡ ᠳᠠᠬᠢ ᠠᠵᠤ ᠠᠬᠤᠶᠢᠯᠠᠯ ᠪᠠ ᠲᠡᠵᠢᠭᠡᠨ ᠦᠷᠡᠵᠢᠭᠦᠯᠬᠦ ᠡᠷᠦᠭᠡ ᠶᠢᠨ ᠠᠰᠢᠭ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠪᠣᠷᠤᠯᠠᠭᠤᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠲᠡᠵᠢᠭᠡᠬᠦ ᠶᠢᠨ ᠲᠥᠯᠥᠭᠡ ᠲᠠᠷᠢᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠪᠦᠲᠦᠴᠡ ᠶᠢ ᠳᠣᠣᠷ᠎ᠠ ᠳᠡᠰ ᠠᠴᠠ ᠳᠡᠭᠡᠳᠦ ᠳᠡᠰ ᠲᠡᠶᠢᠰᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠭᠤᠷᠪᠠ ᠳᠤ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ        ᠪᠤᠯᠬᠤ︾ ᠶᠢᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠳᠥᠷᠪᠡ ᠳᠤ᠂ ᠠᠰᠢᠭ ᠲᠤᠰᠠᠲᠠᠢ ᠲᠣᠭᠲᠠᠴᠠ ᠶᠢ ᠪᠦᠷᠢᠯᠳᠦᠭᠦᠯᠵᠦ᠂ ᠪᠡᠯᠡ ᠮᠥᠩᠭᠦ ᠶᠢ ᠠᠵᠤ ᠠᠬᠤᠶᠢᠯᠠᠯ᠂ ᠲᠠᠷᠢᠵᠤ ᠲᠡᠵᠢᠭᠡᠬᠦ ᠡᠷᠦᠭᠡ ᠳᠤ ᠦᠨᠡᠨ ᠬᠦ ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠰᠠᠶᠢᠨ ᠪᠣᠯᠣᠳ ᠢ ᠢᠷ ᠳᠡᠭᠡᠷ᠎ᠡ ᠨᠢ ᠬᠡᠷᠡᠭᠯᠡᠬᠦ︾ ᠬᠡᠷᠡᠭᠲᠡᠢ᠃ ᠲᠠᠪᠤ ᠳᠤ᠂ ᠬᠡᠯᠬᠢᠶ᠎ᠡ ᠶᠢ ᠤᠷᠲᠤᠳᠬᠠᠬᠤ ᠦᠢᠯᠡᠳᠦᠯ ᠢ ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠠᠵᠤ ᠠᠬᠤᠶᠢᠯᠠᠯ ᠯᠤᠭ᠎ᠠ ᠬᠠᠮᠲᠤ ᠪᠠᠷ ᠰᠦ ᠶᠢᠨ ᠠᠵᠤ ᠦᠢᠯᠡᠰ ᠤᠨ ᠲᠦᠭᠵᠢᠷᠡᠯ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ