ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠨ ᠰᠤᠳᠤᠯᠤᠯᠲᠠ ᠶᠢᠨ ᠪᠠᠭ᠎ᠠ ᠭᠠᠷᠳᠠᠴᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠣᠮᠣ ᠶᠠᠪᠤᠳᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/7/4

      ︽ᠣᠯᠠᠨ ᠨᠡᠶᠢᠲᠡ ᠶᠢᠨ ᠪᠠᠶᠢᠭᠤᠯᠤᠮᠵᠢ ᠶᠢᠨ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠨᠢ ᠶᠠᠭᠤ ᠪᠤᠶ︖ ᠠᠷᠢᠭᠤᠨ ᠴᠡᠪᠡᠷ ᠢᠯᠴᠢ ᠬᠠᠩᠭᠠᠯᠭ᠎ᠠ ᠵᠡᠷᠭᠡ ᠡᠨᠧᠷᠭᠢ ᠠᠷᠪᠢᠯᠠᠬᠤ ᠰᠢᠨ᠎ᠡ ᠮᠡᠷᠭᠡᠵᠢᠯ ᠨᠢ ᠶᠠᠮᠠᠷ ᠶᠠᠮᠠᠷ ᠨᠠᠷᠢᠯᠢᠭ ᠵᠦᠢᠯᠡᠰ ᠢ ᠠᠩᠬᠠᠷᠬᠤ ᠴᠢᠬᠤᠯᠠᠲᠠᠢ ᠪᠤᠶ︖︾ 6 ᠰᠠᠷ᠎ᠠ ᠶᠢᠨ 13 ᠤ ᠡᠳᠦᠷ᠂ ᠪᠦᠭᠦ ᠣᠷᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠣᠷᠳᠣᠰ ᠲᠤ ᠡᠬᠢᠯᠡᠪᠡ᠂ ᠡᠨᠡ ᠤᠳᠠᠭᠠᠨ ᠤ ᠪᠣᠯᠪᠠᠰᠤᠷᠠᠯ ᠨᠢ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤᠮᠳᠠ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ ᠢᠯᠡᠷᠡᠭᠦᠯᠦᠭᠰᠡᠨ ᠠᠰᠠᠭᠤᠳᠠᠯ ᠳᠤ ᠰᠢᠭᠤᠳ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ ᠠᠷᠪᠢᠯᠠᠬᠤ ᠲᠥᠪ᠂ ᠲᠥᠷᠥ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠡᠨᠧᠷᠭᠢ ᠠᠷᠪᠢᠯᠠᠬᠤ ᠵᠤᠷᠭᠠᠨ ᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ᠂ ᠪᠦᠭᠦ ᠣᠷᠣᠨ ᠤ 100 ᠭᠠᠷᠤᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯᠲᠠᠨ ᠢ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃

      ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠵᠢᠴᠢ ᠪᠦᠭᠦ ᠣᠷᠣᠨ ᠤ ᠠᠬᠢᠭᠤᠯᠬᠤ ᠬᠤᠷᠠᠯ᠂ ᠪᠣᠯᠪᠠᠰᠤᠷᠠᠯ ᠤᠨ ᠬᠤᠷᠠᠯ᠂ ᠵᠣᠬᠢᠴᠠᠭᠤᠯᠬᠤ ᠬᠤᠷᠠᠯ ᠵᠢᠴᠢ ᠲᠣᠭᠤᠷᠢᠨ ᠱᠠᠯᠠᠪᠳᠠᠭᠤᠯᠤᠨ ᠪᠠᠶᠢᠴᠠᠭᠠᠬᠤ᠂ ᠦᠨᠡᠯᠡᠵᠦ ᠬᠢᠨᠠᠨ ᠰᠢᠯᠭᠠᠬᠤ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ ᠢᠯᠡᠳᠲᠡ ᠦᠷ᠎ᠡ ᠪᠦᠲᠦᠮᠵᠢ ᠣᠯᠵᠠᠢ᠃ ᠣᠳᠣᠬᠠᠨ ᠳᠤ᠂ 8 ᠠᠶᠢᠮᠠᠭ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ 27 ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠬᠦ ᠶᠢ ᠠᠬᠢᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢ 3.8 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠭᠡᠷᠡᠴᠢᠯᠡᠯᠲᠡ ᠶᠢᠨ ᠪᠡᠯᠡ ᠮᠥᠩᠭᠦ ᠦᠭᠡᠢ ᠪᠠᠶᠢᠭᠰᠠᠨ ᠠᠴᠠ ᠪᠠᠨ ᠳ᠋ᠦᠩᠰᠢᠭᠤᠷ ᠤᠨ ᠳᠠᠪᠠᠯᠲᠠ ᠶᠢ ᠪᠡᠶᠡᠯᠡᠭᠦᠯᠪᠡ᠃

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠵᠢᠯᠴᠢ ᠠᠷᠪᠢᠴᠢ ᠪᠠᠷ ᠠᠯᠢᠪᠠ ᠦᠢᠯᠡᠰ ᠢ ᠡᠷᠭᠢᠯᠡᠭᠦ ᠶᠢ ᠪᠠᠷᠢᠮᠲᠠᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 14 ᠠᠴᠠ 28 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠤᠶᠠᠷ ᠪᠦᠯᠦᠭ ᠤᠳᠠᠭ᠎ᠠ ᠬᠤᠪᠢᠶᠠᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 2022 ᠣᠨ ᠤ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠢ ᠪᠦᠷᠢᠳᠬᠡᠨ ᠪᠠᠶᠢᠴᠠᠭᠠᠬᠤ ᠪᠣᠯᠪᠠᠰᠤᠷᠠᠯ᠂ ᠪᠦᠭᠦ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠢ ᠵᠢᠯᠣᠭᠤᠳᠤᠨ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠣᠨᠣᠪᠴᠢᠲᠠᠶ ᠲᠠᠭᠯᠠᠵᠤ᠂ ᠨᠢᠭᠲᠠᠯᠠᠨ ᠪᠤᠳᠣᠬᠤ ᠲᠣᠭᠠᠴᠠᠭ᠎ᠠ ᠬᠢᠬᠦ ᠪᠠ ᠡᠳ᠋ ᠤᠨ ᠶᠠᠪᠤᠳᠠᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠢ ᠠᠷᠪᠢᠯᠠᠬᠤ ᠶᠢ ᠠᠬᠢᠭᠤᠯᠪᠠ᠃

      ᠪᠠᠶᠢᠴᠠᠭᠠᠨ ᠰᠤᠳᠤᠯᠤᠯᠲᠠ ᠬᠢᠬᠦ ᠶᠢᠨ ᠦᠨᠳᠦᠰᠦᠨ ᠵᠣᠷᠢᠯᠭ᠎ᠠ ᠨᠢ ᠠᠰᠠᠭᠤᠳᠠᠯ ᠢ ᠰᠢᠢᠳᠪᠦᠷᠢᠯᠡᠬᠦ᠂ ᠦᠷ᠎ᠡ ᠪᠦᠲᠦᠭᠡᠯ ᠢ ᠤᠯᠠᠷᠢᠭᠤᠯᠬᠤ ᠳᠤ ᠪᠤᠢ᠃ ᠲᠣᠰ ᠲᠣᠪᠴᠢᠶ᠎ᠠ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠲᠠᠢ ᠪᠠᠨ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠵᠤ᠂ ᠠᠰᠠᠭᠤᠳᠠᠯ ᠢ ᠶᠡᠭᠡ ᠪᠠᠷ ᠡᠮᠬᠢᠯᠡᠵᠦ᠂ ᠬᠦᠴᠢᠷᠳᠡᠯ ᠢ ᠶᠡᠭᠡ ᠪᠠᠷ ᠵᠢᠭᠰᠠᠭᠠᠨ ᠪᠠᠶᠢᠴᠠᠭᠠᠵᠤ᠂ ᠪᠠᠶᠢᠴᠠᠭᠠᠨ ᠰᠤᠳᠤᠯᠬᠤ ᠠᠷᠭ᠎ᠠ ᠪᠠᠷᠢᠯ ᠢ ᠪᠠᠶᠠᠯᠢᠭᠵᠢᠭᠤᠯᠬᠤ᠂ ᠪᠠᠶᠢᠴᠠᠭᠠᠨ ᠰᠤᠳᠤᠯᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠦᠨᠡᠨ ᠪᠣᠳᠠᠲᠠᠢ ᠪᠠᠶᠢᠳᠠᠯ ᠢ ᠪᠦᠭᠦ ᠲᠠᠯ᠎ᠠ ᠪᠠᠷ ᠡᠵᠡᠮᠰᠢᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠨᠢᠭᠡᠨᠲᠡ ᠲᠣᠭᠲᠠᠭᠠᠭᠰᠠᠨ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠰᠠᠭᠤᠳᠠᠯ ᠲᠠᠢ 431 ᠮᠠᠰᠢᠨ ᠲᠡᠷᠭᠡ ᠶᠢ ᠪᠠᠶᠢᠴᠠᠭᠠᠨ ᠭᠠᠷᠭᠠᠬᠤ ᠶᠢᠨ ᠬᠠᠮᠲᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠠᠰᠠᠭᠤᠳᠠᠯ ᠳᠤᠨᠢ ᠴᠢᠭᠯᠡᠭᠦᠯᠦᠨ ᠰᠢᠢᠳᠪᠦᠷᠢᠯᠡᠬᠦ ᠵᠢᠷᠤᠮᠵᠢᠯ ᠤᠨ ᠴᠢᠨᠠᠷᠲᠠᠢ ᠰᠠᠨᠠᠯ ᠳᠤᠷᠠᠳᠴᠤ᠂ ᠲᠠᠩᠰᠠ ᠨᠢ ᠪᠣᠳᠠᠲᠠᠢ ᠲᠠᠢ ᠨᠡᠶᠢᠴᠡᠬᠦ ᠦᠭᠡᠢ ᠲᠡᠷᠭᠡ ᠬᠥᠰᠬᠡ ᠶᠢ ᠴᠠᠭ ᠲᠤᠬᠠᠢ ᠳᠤᠨᠢ ᠲᠥᠷᠥᠯ ᠬᠤᠪᠢᠶᠠᠨ ᠴᠡᠭᠴᠡᠯᠡᠵᠦ᠂ ᠣᠷᠣᠨ ᠲᠤᠭ᠎ᠠ ᠠᠴᠠ ᠬᠡᠲᠦᠷᠡᠭᠰᠡᠨ 12 ᠮᠠᠰᠢᠨ ᠲᠡᠷᠭᠡ ᠶᠢ ᠵᠦᠢ ᠵᠣᠬᠢᠰᠲᠠᠢ ᠲᠣᠬᠢᠷᠠᠭᠤᠯᠤᠨ ᠭᠡᠷᠡᠭᠯᠡᠭᠦᠯᠪᠡ︔ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠭᠡᠷ ᠬᠥᠷᠥᠩᠭᠡ ᠶᠢ ᠱᠠᠲᠤ ᠠᠯᠤᠰᠯᠠᠨ ᠲᠣᠬᠢᠷᠠᠭᠤᠯᠤᠨ ᠬᠡᠷᠡᠭᠯᠡᠬᠦ ᠶᠢ ᠥᠷᠨᠢᠭᠦᠯᠵᠦ᠂ ᠭᠡᠷ ᠬᠥᠷᠥᠩᠭᠡ ᠶᠢᠨ ᠡᠬᠢ ᠪᠠᠶᠠᠯᠢᠭ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠᠭ᠎ᠠ ᠣᠷᠴᠢᠯ ᠠᠴᠠ ᠪᠦᠭᠦ ᠣᠷᠣᠨ ᠤ ᠬᠡᠪᠴᠢᠶᠡᠨ ᠳᠠᠬᠢ ᠶᠡᠭᠡ ᠣᠷᠴᠢᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠳᠤ 13 ᠠᠯᠪᠠᠨ ᠬᠡᠷᠡᠭᠯᠡᠭᠡᠨ ᠤ ᠭᠡᠷ ᠢ ᠴᠠᠭ ᠲᠤᠬᠠᠢ ᠳᠤᠨᠢ ᠲᠣᠬᠢᠷᠠᠭᠤᠯᠤᠨ ᠥᠭᠴᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 2.7 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠠᠰᠠᠭᠤᠳᠠᠯ ᠢ ᠪᠠᠶᠢᠴᠠᠭᠠᠨ ᠦᠵᠡᠬᠦ ᠳᠤᠮᠳᠠ ᠢᠯᠡᠷᠡᠭᠦᠯᠦᠭᠰᠡᠨ ᠬᠠᠮᠢᠶᠠᠷᠤᠯᠲᠠ ᠶᠢ ᠴᠢᠬᠤᠯᠠᠴᠢᠯᠠᠨ ᠦᠢᠯᠡᠴᠢᠯᠡᠭᠡ ᠶᠢ ᠬᠥᠩᠭᠡᠪᠴᠢᠯᠡᠬᠦ ᠦᠵᠡᠭᠳᠡᠯ ᠳᠤ ᠴᠢᠭᠯᠡᠭᠦᠯᠦᠨ᠂ ᠠᠷᠤ ᠲᠠᠯ᠎ᠠ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠨᠡᠶᠢᠲᠡᠯᠡᠬᠦ ᠪᠠᠷ ᠳᠠᠮᠵᠢᠭᠤᠯᠤᠨ᠂ ᠰᠢᠯᠭᠠᠨ ᠬᠢᠨᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠤᠯᠠᠷᠢᠯ ᠪᠦᠷᠢ ᠳᠤ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠵᠤ᠂ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ