︽ ᠭᠤᠣᠯ ᠰᠡᠳᠦᠪᠲᠦ ᠬᠥᠮᠦᠵᠢᠯ ᠨᠢ ᠲᠦᠭ ᠲᠦᠮᠡᠨ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠵᠤ ᠂ ᠨᠠᠮ ᠤᠨ ᠳᠦᠷᠢ ᠲᠥᠷᠬᠦ ᠪᠣᠯᠣᠨ ᠵᠣᠷᠢᠯᠲᠠ ᠲᠠᠢ ᠬᠤᠯᠪᠣᠭᠳᠠᠵᠤ ᠪᠠᠶᠢᠳᠠᠭ ᠪᠣᠯᠬᠤᠷ ᠡᠷᠬᠡᠪᠡᠰᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠬᠦ ᠬᠡᠷᠡᠭᠲᠡᠢ ᠃ ︾ 6 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠭᠤᠣᠯ ᠰᠡᠳᠦᠪᠲᠦ ᠬᠥᠮᠦᠵᠢᠯ ᠤᠨ 8 ᠳ᠋ᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠳᠤᠮᠳᠠ ᠂ ᠲᠣᠮᠣ ᠳ᠋ᠠᠶᠢᠲ᠋ᠠ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠡᠦ ᠰᠤ᠋ ᠬᠠᠢ ᠳᠠᠬᠢᠨᠲᠠ ᠴᠢᠬᠤᠯᠠᠴᠢᠯᠠᠪᠠ ᠃
ᠪᠣᠳᠠᠲᠠᠢ ᠶᠢ ᠡᠷᠭᠢᠮᠯᠡᠭᠦ ᠪᠣᠯ ᠤᠷᠳᠤ ᠠᠶᠠᠨ ᠳᠤ ᠰᠢᠢᠳᠪᠦᠷᠢᠲᠦ ᠢᠯᠠᠯᠲᠠ ᠣᠯᠬᠤ ᠪᠣᠳᠠᠲᠤ ᠦᠢᠯᠡᠳᠦᠯᠭᠡ ᠪᠤᠯᠣᠨ᠎ᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠲᠤᠰᠬᠠᠢ ᠰᠡᠳᠦᠪᠲᠦ ᠰᠤᠷᠤᠯᠴᠠᠯᠭ᠎ᠠ᠂ ᠲᠤᠰᠬᠠᠢ ᠰᠡᠳᠦᠪᠲᠦ ᠶᠠᠷᠢᠯᠴᠠᠭ᠎ᠠ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠡᠰᠡᠬᠦᠯ᠎ᠡ ᠪᠠᠶᠢᠴᠠᠭᠠᠨ ᠰᠤᠳᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠬᠢᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ ᠂ ᠤᠨᠤᠯ ᠤᠨ ᠰᠤᠷᠤᠯᠴᠠᠯᠭ᠎ᠠ ᠳᠤᠮᠳᠠ ᠰᠠᠭᠤᠷᠢ ᠪᠠᠨ ᠪᠠᠬᠢᠵᠢᠭᠦᠯᠵᠦ ᠂ ᠪᠠᠶᠢᠴᠠᠭᠠᠨ ᠰᠤᠳᠤᠯᠤᠯᠲᠠ ᠳᠤᠮᠳᠠ ᠬᠦᠴᠢᠷ ᠠᠰᠠᠭᠤᠳᠠᠯ ᠢ ᠰᠢᠢᠳᠪᠦᠷᠢᠯᠡᠵᠦ ᠂ ᠬᠥᠭᠵᠢᠯᠲᠡ ᠶᠢ ᠠᠬᠢᠭᠤᠯᠬᠤ ᠳᠤᠮᠳᠠ ᠦᠷ᠎ᠡ ᠪᠦᠲᠦᠭᠡᠯ ᠢ ᠰᠢᠯᠭᠠᠵᠤ ᠂ ᠳᠦᠷᠢᠮ ᠲᠣᠭᠲᠠᠭᠠᠯ ᠲᠣᠭᠲᠠᠭᠠᠬᠤ ᠳᠤᠮᠳᠠ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨ ᠬᠦ ᠠᠰᠠᠭᠤᠳᠠᠯ ᠢ ᠰᠢᠢᠳᠪᠦᠷᠢᠯᠡᠬᠦ ᠂ ᠠᠵᠢᠯ ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ ᠃
ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠬᠢᠨ ᠲᠣᠭᠠᠴᠢᠯᠠᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠂ ᠬᠥᠭᠵᠢᠯᠲᠡ ᠶᠢᠨ ᠠᠷᠭ᠎ᠠ ᠭᠡᠯᠪᠡᠷᠢ ᠂ ᠣᠷᠣᠨ ᠪᠦᠰᠡ ᠶᠢᠨ ᠪᠠᠶᠢᠷᠢᠰᠢᠭᠤᠯᠤᠯᠲᠠ ᠵᠢᠴᠢ ᠲᠣᠭᠠᠴᠢᠯᠠᠭᠰᠠᠨ ᠬᠡᠪ ᠪᠣᠯᠪᠠᠰᠤᠷᠠᠯ ᠂ ᠲᠣᠭᠠᠴᠢᠯᠠᠭᠰᠠᠨ ᠠᠵᠤ ᠦᠢᠯᠡᠰ ᠤᠨ ᠠᠮᠢ ᠠᠬᠤᠢ ᠵᠡᠷᠭᠡ ᠪᠦᠭᠦ ᠣᠷᠣᠨ ᠤ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠤᠨ ᠪᠠᠶᠢᠭᠤᠯᠤᠯᠲᠠ ᠶᠢᠨ ᠬᠠᠮᠤᠭ ᠤᠨ ᠲᠤᠯᠭᠠᠮ ᠂ ᠬᠠᠮᠤᠭ ᠤᠨ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠦᠨᠳᠦᠰᠦᠨ ᠱᠠᠲᠤ ᠡᠮᠦᠨ᠎ᠡ ᠹᠷᠣᠨᠲ ᠲᠤ ᠭᠦᠨᠵᠡᠭᠡᠶᠢᠷᠡᠨ ᠦᠨᠡᠨ ᠦᠭᠡ ᠶᠢ ᠰᠣᠨᠣᠰᠴᠤ ᠂ ᠪᠣᠳᠠᠲᠤ ᠪᠠᠶᠢᠳᠠᠯ ᠢ ᠪᠠᠶᠢᠴᠠᠭᠠᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠬᠦᠴᠢᠷ ᠠᠰᠠᠭᠤᠳᠠᠯ ᠢ ᠰᠢᠢᠳᠪᠦᠷᠢᠯᠡᠬᠦ ᠂ ᠳᠤᠲᠠᠭᠤᠳᠠᠯ ᠢᠶᠠᠨ ᠨᠥᠬᠦᠪᠦᠷᠢᠯᠡᠬᠦ ᠣᠯᠠᠨ ᠵᠦᠢᠯ ᠤᠨ ᠦᠨᠳᠦᠷ ᠪᠦᠲᠦᠮᠵᠢᠲᠦ ᠠᠷᠭ᠎ᠠ ᠬᠡᠮᠵᠢᠶ᠎ᠡ ᠶᠢ ᠳᠤᠷᠠᠳᠴᠠᠢ ᠃
ᠪᠠᠶᠢᠴᠠᠭᠠᠨ ᠰᠤᠳᠤᠯᠤᠯᠲᠠ ᠬᠢᠵᠦ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ
︽ ᠪᠦᠭᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ ᠰᠠᠨᠠᠯ ᠬᠤᠷᠢᠶᠠᠬᠤ ᠨᠣᠣᠷᠠᠭ ︶ ︾ ᠢ ᠴᠢᠨᠠᠭᠰᠢᠳᠠ ᠲᠡᠭᠦᠯᠳᠡᠷᠵᠢᠭᠦᠯᠵᠦ ᠂ ᠲᠠᠪᠴᠠᠩ ᠤᠨ ᠪᠠᠷᠢᠮᠵᠢᠶ᠎ᠠ ᠶᠢ ᠵᠢᠷᠤᠮᠵᠢᠭᠤᠯᠬᠤ ᠂ ᠠᠭᠤᠯᠭ᠎ᠠ ᠶᠢ ᠨᠢᠭᠡᠳᠦᠯᠲᠡᠢ ᠬᠤᠪᠢᠶᠠᠨ ᠲᠣᠬᠢᠷᠠᠭᠤᠯᠬᠤ ᠵᠡᠷᠭᠡ ᠱᠠᠭᠠᠷᠳᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ ᠂ ᠪᠦᠭᠦ ᠣᠷᠣᠨ ᠤ ᠬᠡᠪᠴᠢᠶᠡᠨ ᠳᠠᠬᠢ ᠪᠦᠲᠦᠴᠡ ᠨᠢ ᠨᠢᠭᠡᠳᠦᠯᠲᠡᠢ ᠂ ᠪᠠᠷᠢᠮᠵᠢᠶ᠎ᠠ ᠨᠢ ᠨᠢᠭᠡᠳᠦᠯᠲᠡᠢ ᠂ ᠬᠠᠮᠵᠢᠯᠴᠠᠨ ᠬᠥᠳᠡᠯᠦᠯᠴᠡᠭᠰᠡᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠢ ᠪᠦᠷᠢᠯᠳᠦᠭᠦᠯᠬᠦ ᠳᠤ ᠰᠠᠭᠤᠷᠢ ᠲᠠᠯᠪᠢᠪᠠ ᠃ ᠡᠭᠦᠨ ᠤ ᠬᠠᠮᠲᠤ ᠂ ᠪᠦᠭᠦ ᠣᠷᠣᠨ ᠳᠤ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ ︽ ᠭᠤᠷᠪᠠᠨ ᠨᠠᠷᠢᠨ ᠳᠠᠩᠰᠠ ︾ ᠶᠢᠨ ᠲᠣᠭᠲᠠᠴᠠ ᠶᠢ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ ᠂ ᠡᠯ᠎ᠡ ᠠᠶᠢᠮᠠᠭ ᠬᠤᠲᠠ ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠢᠨᠠᠭᠰᠢᠳᠠ ᠡᠮᠬᠢᠯᠡᠵᠦ ᠂ 23 ᠰᠠᠯᠠᠭ᠎ᠠ ᠮᠥᠴᠢᠷ ᠤᠨ 84 ᠵᠤᠷᠪᠤᠰ ᠭᠠᠷᠴᠠᠭ ᠤᠨ 896 ᠬᠡᠰᠡᠭ ᠲᠤ ᠬᠤᠯᠪᠣᠭᠳᠠᠭᠰᠠᠨ ᠬᠥᠮᠥᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠢᠭᠡᠨᠲᠡ ᠠᠩᠬ᠎ᠠ ᠠᠯᠬᠤᠮ ᠪᠦᠷᠢᠯᠳᠦᠭᠦᠯᠵᠦ ᠂ ᠣᠳᠣᠬᠠᠨ ᠳᠤ ᠲᠢᠩᠬᠢᠮ ᠲᠣᠪᠴᠢᠶ᠎ᠠ ᠶᠢ ᠵᠣᠬᠢᠶᠠᠨ ᠪᠠᠶᠢᠭᠤᠯᠵᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠶᠣᠰᠣᠭᠠᠷ ᠳ᠋ᠠᠶᠢᠲ᠋ᠠ ᠶᠢᠨ ᠡᠬᠢ ᠪᠠᠶᠠᠯᠢᠭ ᠢ ᠵᠠᠯᠭᠠᠵᠤ ᠂ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠶᠢᠨ ᠬᠠᠮᠲᠤ ᠪᠠᠷ ᠡᠳ᠋ᠯᠡᠬᠦ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠡᠯ᠎ᠡ ᠠᠶᠢᠮᠠᠭ ᠬᠤᠲᠠ ᠳᠤ ᠬᠥᠮᠥᠨ ᠠᠮᠠ ᠶᠢᠨ ᠰᠠᠭᠤᠷᠢ ᠲᠤᠭ᠎ᠠ ᠪᠠᠷᠢᠮᠲᠠ ᠶᠢᠨ ᠦᠢᠯᠡᠴᠢᠯᠡᠭᠡ ᠶᠢ ᠨᠢᠭᠡᠳᠦᠯᠲᠡᠢ ᠬᠠᠩᠭᠠᠵᠤ ᠪᠠᠶᠢᠨ᠎ᠠ᠃
ᠡᠭᠦᠨ ᠠᠴᠠ ᠭᠠᠳᠠᠨ᠎ᠠ᠂ ᠬᠡᠰᠡᠭ ᠬᠤᠭᠤᠴᠠᠭᠠᠨ ᠤ ᠪᠣᠭᠤᠮᠲᠠ ᠰᠢᠪᠲᠤᠯᠬᠤ ᠪᠠᠷ ᠳᠡᠮᠵᠢᠨ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠢᠭᠡᠳᠦᠯᠲᠡᠢ ᠬᠠᠮᠵᠢᠯᠴᠠᠨ ᠠᠵᠢᠯᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠢ 9 ᠰᠠᠷ᠎ᠠ ᠳᠤ ᠲᠤᠷᠰᠢᠨ ᠠᠵᠢᠯᠯᠠᠭᠤᠯᠬᠤ ᠪᠠᠷ ᠲᠥᠯᠥᠪᠯᠡᠵᠦ ᠂ ᠰᠢᠰᠲ᠋ᠧᠮ ᠤᠨ ᠴᠢᠳᠠᠮᠵᠢ ᠨᠢ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠭᠤᠷᠪᠠᠨ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠬᠠᠮᠤᠷᠴᠤ ᠂ ︽ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠂ ᠬᠤᠷᠠᠯ ᠬᠢᠬᠦ ᠂ ᠠᠵᠢᠯ ᠶᠠᠪᠤᠳᠠᠯ ᠭᠦᠢᠴᠡᠳᠬᠡᠬᠦ︾ ᠨᠢᠭᠡ ᠴᠣᠭᠴᠠᠵᠢᠭᠰᠠᠨ ᠦᠢᠯᠡᠴᠢᠯᠡᠭᠡ ᠬᠠᠩᠭᠠᠨ᠎ᠠ᠃
ᠳᠤᠷᠠᠳᠤᠭᠤᠰᠢᠲᠠᠢ ᠨᠢ ᠂ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠪᠠᠰᠠ ︽ ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ ︾ ᠠᠵᠢᠯ ᠤᠨ ᠠᠷᠭ᠎ᠠ ᠶᠢ ᠰᠦᠪᠡᠭᠴᠢᠯᠡᠨ ᠭᠠᠷᠭᠠᠵᠤ ᠂
︽ ᠨᠡᠮᠡᠬᠦ ᠠᠷᠭ᠎ᠠ ︾ ᠪᠠᠷ ᠳᠠᠮᠵᠢᠭᠤᠯᠤᠨ ᠪᠠᠶᠢᠴᠠᠭᠠᠨ ᠰᠤᠳᠤᠯᠤᠯᠲᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ ᠂ ︽ ᠬᠠᠰᠤᠬᠤ ᠠᠷᠭ᠎ᠠ ︾ ᠪᠠᠷ ᠳᠠᠮᠵᠢᠭᠤᠯᠤᠨ ᠪᠠᠶᠢᠴᠠᠭᠠᠨ ᠰᠤᠳᠤᠯᠤᠯᠲᠠ ᠶᠢᠨ ᠶᠠᠷᠰᠢᠭ ᠲᠦᠪᠡᠭ ᠢ ᠪᠠᠭᠠᠰᠬᠠᠵᠤ ᠂ ︽ ᠦᠷᠡᠵᠢᠭᠦᠯᠬᠦ ᠠᠷᠭ᠎ᠠ ︾ ᠪᠠᠷ ᠳᠠᠮᠵᠢᠭᠤᠯᠤᠨ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ ᠂ ︽ ᠬᠤᠪᠢᠶᠠᠬᠤ ᠠᠷᠭ᠎ᠠ ︾ ᠪᠠᠷ ᠪᠠᠶᠢᠴᠠᠭᠠᠨ ᠰᠤᠳᠤᠯᠤᠯᠲᠠ ᠶᠢᠨ ᠶᠠᠪᠤᠴᠠ ᠶᠢ ᠪᠠᠭᠠᠰᠬᠠᠬᠤ ᠪᠠᠷ ᠳᠠᠮᠵᠢᠭᠤᠯᠤᠨ ᠂ ᠥᠩᠭᠡᠨ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠬᠦ ᠦᠭᠡᠢ ᠂ ᠬᠠᠰᠢ ᠶᠠᠰᠢ ᠪᠠᠷ ᠥᠩᠭᠡᠷᠡᠭᠦᠯᠬᠦ ᠶᠢ ᠰᠡᠷᠭᠡᠶᠢᠯᠡᠵᠦ ᠂ ᠴᠢᠭᠯᠡᠯ ᠨᠢ ᠲᠣᠳᠣᠷᠬᠠᠢ ᠦᠭᠡᠢ ᠂ ᠠᠭᠤᠯᠭ᠎ᠠ ᠨᠢ ᠬᠡᠢ ᠬᠤᠭᠤᠰᠤᠨ ᠂ ᠳᠠᠪᠬᠤᠴᠠᠭᠰᠠᠨ ᠪᠠᠶᠢᠴᠠᠭᠠᠨ ᠰᠤᠳᠤᠯᠤᠯᠲᠠ ᠶᠢ ᠶᠡᠭᠡ ᠬᠡᠮᠵᠢᠶ᠎ᠡ ᠪᠠᠷ ᠪᠠᠭᠠᠰᠬᠠᠵᠤ ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠨᠢ ᠵᠣᠭᠰᠣᠴᠠ ᠲᠠᠢ ᠂ ᠠᠷᠭ᠎ᠠ ᠬᠡᠮᠵᠢᠶ᠎ᠡ ᠲᠠᠢ ᠰᠢᠯᠭᠠᠯᠲᠠ ᠶᠢ ᠳᠠᠭᠠᠭᠠᠭᠰᠠᠨ ᠪᠠᠶᠢᠵᠤ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠨᠡᠩ ᠶᠡᠭᠡ ᠬᠡᠮᠵᠢᠶ᠎ᠡ ᠪᠠᠷ ᠤᠯᠠᠨ ᠲᠦᠮᠡᠨ ᠤ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠦᠷ᠎ᠡ ᠪᠦᠲᠦᠮᠵᠢ ᠪᠣᠯᠭᠠᠨ ᠬᠤᠪᠢᠷᠠᠭᠤᠯᠪᠠ ᠃