ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ〔2023〕5 ᠳ᠋ᠤᠭᠠᠷ ᠲᠣᠭᠠᠲᠤ
ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ 2023 ᠣᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ ᠲᠥᠷᠥ ᠲᠠᠷᠬᠠᠭᠠᠭᠰᠠᠨ〔2022〕22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ ᠃
ᠨᠢᠭᠡ᠂ ᠶᠡᠷᠦᠩᠬᠡᠢ ᠱᠠᠭᠠᠷᠳᠠᠯᠭ᠎ᠠ
︵ ᠨᠢᠭᠡ︶ ᠵᠢᠯᠤᠭᠤᠳᠬᠤ ᠦᠵᠡᠯ ᠰᠠᠨᠠᠭ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠬᠡᠷᠡᠭᠲᠡᠢ ᠃
︵ ᠬᠤᠶᠠᠷ ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠲᠠᠯ᠎ᠠ ᠪᠠᠷ ᠬᠢ ᠨᠢᠭᠡᠨ ᠴᠢᠬᠤᠯᠠ ᠶᠡᠭᠡ ᠪᠠᠶᠢᠴᠠᠭᠠᠯᠲᠠ ᠪᠣᠯᠣᠨ᠎ᠠ᠂ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠠᠩᠬ᠎ᠠ ᠤᠳᠠᠭ᠎ᠠ ᠨᠢᠭᠡᠳᠦᠯᠲᠡᠢ ᠲᠥᠯᠥᠪᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠂ ᠪᠠᠶᠢᠷᠢᠯᠠᠭᠤᠯᠤᠯᠲᠠ ᠪᠠ ᠦᠷ᠎ᠡ ᠠᠰᠢᠭ ᠢ ᠪᠦᠬᠦ ᠲᠠᠯ᠎ᠠ ᠪᠠᠷ ᠪᠠᠶᠢᠴᠠᠭᠠᠵᠤ ᠂ ᠡᠯ᠎ᠡ ᠲᠥᠷᠥᠯ ᠤᠨ ᠨᠢᠭᠡᠴᠢ ᠶᠢᠨ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠨ ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠬᠤᠯᠪᠣᠭ᠎ᠠ ᠶᠢ ᠡᠵᠡᠮᠰᠢᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠂ ᠣᠳᠣᠬᠢᠴᠢᠯᠠᠭᠰᠠᠨ ᠠᠵᠤ ᠠᠬᠤᠢ ᠶᠢᠨ ᠲᠣᠭᠲᠠᠯᠴᠠᠭ᠎ᠠ ᠶᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ ᠃ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠤᠨ᠂ ᠬᠤᠷᠸ᠎ᠠ ᠠᠵᠤ ᠠᠬᠤᠢ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ ᠃
ᠬᠤᠶᠠᠷ᠂ ᠨᠡᠶᠢᠳᠡᠮ ᠪᠠᠶᠢᠴᠠᠭᠠᠭᠳᠠᠭᠴᠢ ᠪᠣᠯᠣᠨ ᠬᠡᠪᠴᠢᠶ᠎ᠡ
ᠨᠡᠶᠢᠳᠡᠮ ᠪᠠᠶᠢᠴᠠᠭᠠᠭᠳᠠᠭᠴᠢ ᠪᠣᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠬᠤᠶᠠᠳᠤᠭᠠᠷ ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠡᠷᠬᠢᠯᠡᠵᠦ ᠪᠠᠶᠢᠭ᠎ᠠ ᠪᠣᠢ ᠪᠦᠬᠦᠢ ᠬᠠᠤᠯᠢ ᠶᠢᠨ ᠡᠲᠡᠭᠡᠳ ᠨᠢᠭᠡᠴᠢ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠢ ᠪᠣᠯᠣᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠣᠨ᠎ᠠ ᠃ ᠪᠣᠳᠠᠲᠠᠢ ᠬᠡᠪᠴᠢᠶᠡᠨ ᠳᠤ᠄ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ ᠂ ᠴᠠᠬᠢᠯᠭᠠᠨ ᠬᠦᠴᠦ ᠂ ᠢᠯᠴᠢ ᠶᠢᠨ ᠬᠦᠴᠦ ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠂ ᠪᠠᠷᠢᠯᠭ᠎ᠠ ᠶᠢᠨ ᠦᠢᠯᠡᠰ ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠂ ᠮᠡᠳᠡᠭᠡ ᠵᠠᠩᠭᠢ ᠶᠢᠨ ᠳᠠᠮᠵᠢᠭᠤᠯᠭ᠎ᠠ ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠂ ᠮᠥᠩᠭᠦᠨ ᠭᠦᠢᠯᠭᠡᠭᠡᠨ ᠤ ᠦᠢᠯᠡᠰ ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠂ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠂ ᠤᠰᠤᠨ ᠠᠰᠢᠭᠯᠠᠯᠲᠠ ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠂ ᠰᠠᠭᠤᠭᠠᠯᠢ ᠠᠷᠠᠳ ᠤᠨ ᠦᠢᠯᠡᠴᠢᠯᠡᠭᠡ ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠂ ᠰᠣᠶᠣᠯ ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠂ ᠤᠯᠠᠨ ᠨᠡᠶᠢᠲᠡ ᠶᠢᠨ ᠬᠠᠮᠢᠶᠠᠷᠤᠯᠲᠠ ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠠᠭᠲᠠᠨ᠎ᠠ ᠃
ᠭᠤᠷᠪᠠ ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠴᠠᠭ
ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠭᠳᠠᠭᠴᠢ ᠶᠢᠨ ᠦᠨᠳᠦᠰᠦᠨ ᠪᠠᠶᠢᠳᠠᠯ ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠴᠡ ᠶᠢᠨ ᠪᠠᠶᠢᠳᠠᠯ ᠵᠡᠷᠭᠡ ᠪᠠᠭᠲᠠᠨ᠎ᠠ ᠃
ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠴᠠᠭ ᠪᠣᠯ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠳᠠᠬᠢ ᠣᠨ ᠤ ᠮᠠᠲ᠋ᠧᠷᠢᠶᠠᠯ ᠪᠣᠯᠣᠨ᠎ᠠ ᠃
ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ
ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠬᠤ ᠠᠭᠤᠯᠭ᠎ᠠ ᠣᠯᠠᠰᠢᠷᠠᠵᠤ ᠂ ᠮᠡᠷᠭᠡᠵᠢᠯ ᠤᠨ ᠱᠠᠭᠠᠷᠳᠠᠯᠭ᠎ᠠ ᠥᠨᠳᠥᠷᠳᠡᠨ᠂ ᠠᠵᠢᠯ ᠤᠨ ᠬᠦᠴᠢᠷᠳᠡᠯ ᠨᠡᠮᠡᠭᠳᠡᠵᠦ ᠪᠠᠶᠢᠭ᠎ᠠ ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠣᠪᠤᠶᠢᠯᠭᠠᠨ᠂ ᠠᠷᠭ᠎ᠠ ᠠᠪᠴᠠᠯ ᠳᠤ ᠪᠠᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠃
ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ︵ ᠪᠣᠳᠠᠲᠠᠢ ᠪᠠᠶᠢᠳᠠᠯ ᠢ ᠠᠰᠲᠠᠭᠠᠨ ᠮᠡᠳᠡᠭᠳᠡᠨ᠎ᠡ ︶ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠬᠠᠷᠢᠭᠤᠴᠠᠨ᠎ᠠ ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠥᠷᠨᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠦᠬᠦ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠢᠯᠡᠰ ᠤᠳ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ ᠪᠠᠷᠢᠮᠲᠠ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠨ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠠᠷᠢᠭᠤᠴᠠᠨ ᠵᠣᠬᠢᠴᠠᠭᠤᠯᠤᠨ᠎ᠠ︔ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠪᠠᠶᠢᠭᠤᠯᠭ᠎ᠠ ᠪᠣᠯᠣᠨ ᠠᠵᠢᠯ ᠦᠢᠯᠡᠰ ᠤᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ ᠦᠪᠡᠰᠦᠪᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠲᠡᠮᠳᠡᠭ ᠤᠨ ᠮᠡᠳᠡᠭᠡ ᠵᠠᠩᠭᠢ ᠶᠢ ᠬᠠᠮᠲᠤ ᠳᠤ ᠪᠠᠨ ᠭᠦᠷᠲᠡᠭᠦ ᠲᠠᠯ᠎ᠠ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠣᠣᠷᠯᠢᠭᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠵᠣᠬᠢᠴᠠᠭᠤᠯᠤᠨ᠎ᠠ︔ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠢᠶᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ︔ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢᠨ ᠬᠡᠷᠡᠭᠯᠡᠬᠦ ᠬᠠᠨᠳᠤᠰᠢ ᠶᠢ ᠪᠠᠶᠢᠴᠠᠭᠠᠬᠤ ᠡᠭᠦᠷᠭᠡ ᠶᠢ ᠬᠠᠷᠢᠭᠤᠴᠠᠵᠤ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠢ ᠡᠵᠡᠮᠰᠢᠵᠦ ᠪᠠᠶᠢᠭ᠎ᠠ ᠡᠯ᠎ᠡ ᠱᠠᠲᠤᠨ ᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠪᠣᠯᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠨᠣᠪᠴᠢᠲᠠᠶ ᠬᠠᠩᠭᠠᠬᠤ ᠬᠡᠷᠡᠭᠲᠡᠢ ᠃
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠴᠤ ᠬᠠᠷᠠᠭᠠᠯᠵᠠᠭᠰᠠᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠠᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤ ᠨᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠰᠠᠭᠤᠭᠠᠯᠢ ᠠᠷᠠᠳ ᠤᠨ ᠵᠥᠪᠯᠡᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠰᠠᠷ ᠪᠠᠶᠢᠰᠢᠩ ᠤᠨ ᠠᠳᠠᠯ ᠠᠬᠤᠢ ᠪᠣᠯᠣᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠭᠦᠢᠴᠡᠳ ᠠᠰᠢᠭᠯᠠᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠣᠷᠣᠯᠴᠠᠭᠤᠯᠵᠤ ᠬᠢᠨᠠᠮᠠᠭᠠᠢ ᠬᠠᠮᠵᠢᠯᠴᠠᠭᠤᠯᠵᠤ ᠪᠠᠶᠢᠭᠠᠳ ᠰᠠᠶᠢᠲᠤᠷ ᠬᠢᠬᠦ ᠬᠡᠷᠡᠭᠲᠡᠢ ᠃ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ ᠪᠣᠯᠣᠨ ᠨᠡᠶᠢᠳᠡᠮ ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ ᠠᠴᠠ ᠵᠥᠪᠳᠡᠨ ᠰᠢᠯᠵᠢᠭᠦᠯᠵᠦ᠂ ᠤᠷᠢᠨ ᠬᠡᠷᠡᠭᠯᠡᠭᠰᠡᠨ ᠠᠵᠢᠯᠲᠠᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤ ᠨᠢ ᠥᠭᠴᠦ᠂ ᠵᠥᠪᠳᠡᠯᠴᠡᠨ ᠰᠢᠯᠵᠢᠭᠦᠯᠦᠭᠰᠡᠨ ᠠᠵᠢᠯᠲᠠᠨ ᠤ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠂ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃
ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ
ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ᠂ ᠣᠳᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠵᠠᠮ ᠮᠥᠷ ᠢᠶᠠᠷ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠪᠠᠷ ᠳᠠᠭᠠᠭᠠᠨ ᠡᠭᠦᠷᠭᠡᠯᠡᠵᠦ᠂ ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠤᠨ᠂ ᠴᠠᠭ ᠲᠤᠬᠠᠢ ᠳᠤ ᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ ᠃ ᠡᠯ᠎ᠡ ᠠᠶᠢᠮᠠᠭ ᠬᠤᠲᠠ ᠨᠢ ᠬᠠᠷᠢᠶ᠎ᠠ ᠪᠦᠬᠦᠢ ᠬᠤᠰᠢᠭᠤ ᠰᠢᠶᠠᠨ
︵ ᠬᠤᠲᠠ᠂ ᠲᠣᠭᠤᠷᠢᠭ︶ ᠢᠯᠠᠩᠭᠤᠶ᠎ᠠ ᠡᠳ᠋ ᠤᠨ ᠵᠠᠰᠠᠭ ᠤᠨ ᠲᠠᠯ᠎ᠠ ᠪᠠᠷ ᠬᠦᠴᠢᠷᠳᠡᠯᠲᠡᠢ ᠬᠤᠰᠢᠭᠤ ᠰᠢᠶᠠᠨ ︵ ᠬᠤᠲᠠ᠂ ᠲᠣᠭᠤᠷᠢᠭ︶ ᠤ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠬᠠᠮᠢᠶᠠᠷᠤᠯᠲᠠ ᠪᠠᠨ ᠴᠢᠩᠭᠠᠳᠬᠠᠨ᠂ ᠠᠷᠪᠢᠯᠠᠨ ᠭᠠᠮᠨᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃
ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ
︵ ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠬᠢᠬᠦ ᠶᠢ ᠪᠠᠷᠢᠮᠲᠠᠯᠠᠬᠤ ᠬᠡᠷᠡᠭᠲᠡᠢ ᠃ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠣᠨ ᠨᠡᠶᠢᠳᠡᠮ ᠪᠠᠶᠢᠴᠠᠭᠠᠭᠳᠠᠭᠴᠢ ᠪᠦᠬᠦᠨ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ ᠳᠦᠷᠢᠮ︾ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤ ᠪᠠᠨ᠂ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠬᠡᠷᠡᠭᠲᠡᠢ ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠤᠳᠠᠯ ᠢᠶᠠᠷ ᠮᠡᠳᠡᠭᠦᠯᠬᠦ᠂ ᠨᠢᠭᠤᠵᠤ ᠥᠯᠥ ᠮᠡᠳᠡᠭᠦᠯᠬᠦ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠦᠨ ᠭᠠᠵᠢᠭᠤᠳᠠᠭᠤᠯᠵᠤ ᠪᠣᠯᠬᠤ ᠦᠭᠡᠢ ᠃ ᠨᠡᠶᠢᠳᠡᠮ ᠪᠠᠶᠢᠴᠠᠭᠠᠯᠲᠠ ᠳᠤ ᠣᠯᠣᠭᠰᠠᠨ ᠨᠢᠭᠡᠴᠢ ᠪᠠ ᠬᠤᠪᠢ ᠬᠥᠮᠥᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ᠂ ᠶᠠᠮᠠᠷᠪᠠ ᠨᠢᠭᠡᠴᠢ ᠠᠴᠠ ᠨᠡᠶᠢᠳᠡᠮ ᠪᠠᠶᠢᠴᠠᠭᠠᠭᠳᠠᠭᠴᠢ ᠶᠢ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠢ ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠣᠯᠣᠨ ᠨᠡᠶᠢᠳᠡᠮ ᠪᠠᠶᠢᠴᠠᠭᠠᠭᠳᠠᠭᠴᠢ ᠶᠢᠨ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠪᠠᠨ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠢ︔ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠥᠪᠰᠢᠶᠡᠷᠡᠭᠦᠯᠦᠭᠰᠡᠨ ᠦᠭᠡᠢ ᠪᠠᠷ ᠭᠠᠳᠠᠭᠰᠢ ᠨᠡᠶᠢᠲᠡᠯᠡᠵᠦ ᠪᠣᠯᠬᠤ ᠦᠭᠡᠢ ᠃ ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠨᠡᠪᠲᠡᠷᠡᠭᠦᠯᠦᠨ ᠮᠡᠳᠡᠭᠡᠯᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃
︵ ᠬᠤᠶᠠᠷ ︶ ᠲᠤᠭ᠎ᠠ ᠪᠠᠷᠢᠮᠲᠠ ᠶᠢᠨ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠃ ᠲᠤᠭ᠎ᠠ ᠪᠠᠷᠢᠮᠲᠠ ᠶᠢᠨ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠠᠵᠢᠯ ᠶᠠᠪᠤᠳᠠᠯ ᠤᠨ ᠡᠮᠦᠨᠡᠬᠢ᠂ ᠳᠤᠮᠳᠠᠬᠢ ᠪᠠ ᠳᠠᠷᠠᠭᠠᠬᠢ ᠶᠢᠨ ᠲᠤᠭ᠎ᠠ ᠪᠠᠷᠢᠮᠲᠠ ᠶᠢᠨ ᠴᠢᠨᠠᠷ ᠢ ᠪᠠᠶᠢᠴᠠᠭᠠᠵᠤ ᠬᠠᠷᠭᠤᠭᠤᠯᠬᠤ ᠪᠠᠨ ᠴᠢᠩᠭᠠᠳᠬᠠᠨ᠂ ᠲᠤᠭ᠎ᠠ ᠪᠦᠷᠢᠳᠬᠡᠯ ᠳᠤ ᠬᠠᠭᠤᠷᠮᠠᠭ ᠶᠠᠭᠤᠮ᠎ᠠ ᠵᠣᠬᠢᠶᠠᠬᠤ᠂ ᠬᠤᠳᠠᠯ ᠬᠡᠯᠡᠵᠦ ᠬᠤᠯᠤ ᠲᠠᠷᠢᠬᠤ ᠶᠢ ᠦᠨᠡᠨ ᠬᠦ ᠰᠡᠷᠭᠡᠶᠢᠯᠡᠬᠦ ᠪᠠ ᠶᠠᠯᠠᠯᠠᠨ ᠰᠢᠢᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷ ᠢ ᠡᠵᠡᠮᠳᠡᠬᠦ ᠲᠣᠭᠲᠠᠯᠴᠠᠭ᠎ᠠ ᠪᠠ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠦᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠳᠦᠷᠦᠵᠦ ᠬᠠᠷᠰᠢᠯᠠᠬᠤ ᠡᠯ᠎ᠡ ᠵᠦᠢᠯ ᠤᠨ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠃ ᠨᠡᠶᠢᠳᠡᠮ ᠪᠠᠶᠢᠴᠠᠭᠠᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤ ᠨᠢ ᠲᠣᠬᠢᠷᠠᠭᠤᠯᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠬᠤ ᠬᠡᠷᠡᠭᠲᠡᠢ ᠃
︵ ᠭᠤᠷᠪᠠ︶ ᠠᠷᠭ᠎ᠠ ᠠᠪᠴᠠᠯ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠬᠡᠷᠡᠭᠲᠡᠢ ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠭᠡᠷᠡᠴᠢ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ ᠨᠡᠶᠢᠳᠡᠮ ᠪᠠᠶᠢᠴᠠᠭᠠᠯᠲᠠ ᠳᠠᠬᠢ ᠬᠡᠷᠡᠭᠯᠡᠯᠲᠡ ᠶᠢ ᠠᠬᠢᠭᠤᠯᠤᠨ᠂ ᠰᠦᠯᠵᠢᠶ᠎ᠡ ᠪᠠᠷ ᠲᠠᠭᠯᠠᠨ ᠮᠡᠳᠡᠭᠦᠯᠬᠦ ᠪᠠ ᠡᠯᠧᠺᠲᠷᠣᠨ ᠦᠵᠦᠭᠦᠷ ᠢᠶᠠᠷ ᠲᠤᠬᠠᠢ ᠶᠢᠨ ᠲᠠᠯᠠᠪᠤᠷ ᠲᠤ ᠨᠢ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠥᠷᠨᠢᠭᠦᠯᠵᠦ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠠᠪᠴᠠᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠪᠦᠳᠣᠮᠵᠢ ᠴᠢᠳᠠᠮᠵᠢ ᠶᠢ ᠳᠡᠭᠡᠭᠰᠢᠯᠡᠭᠦᠯᠦᠨ᠎ᠡ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠭᠳᠠᠭᠴᠢ ᠰᠦᠯᠵᠢᠶ᠎ᠡ ᠪᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠪᠡᠶ᠎ᠡ ᠪᠠᠨ ᠳᠠᠭᠠᠭᠠᠵᠤ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ
ᠠᠬᠢᠭᠤᠯᠤᠨ᠎ᠠ᠃
︵ ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠬᠤ ᠬᠡᠷᠡᠭᠲᠡᠢ ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠤᠬᠠᠭᠠᠯᠠᠵᠤ ᠰᠡᠳᠦᠬᠦ ᠪᠠ ᠵᠣᠬᠢᠶᠠᠨ ᠪᠠᠶᠢᠭᠤᠯᠬᠤ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠮᠥᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠳᠡᠯᠭᠡᠷ ᠭᠦᠨᠵᠡᠭᠡᠢ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠳᠤ ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠥᠷᠭᠡᠨ ᠣᠯᠠᠨ ᠨᠡᠶᠢᠳᠡᠮ ᠪᠠᠶᠢᠴᠠᠭᠠᠭᠳᠠᠭᠴᠢ ᠶᠢ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠬᠤ ᠪᠠ ᠪᠦᠬᠦ ᠨᠡᠶᠢᠭᠡᠮ ᠤᠨ ᠬᠢᠨ ᠢ ᠨᠡᠶᠢᠳᠡᠮ ᠪᠠᠶᠢᠴᠠᠭᠠᠯᠲᠠ ᠳᠤ ᠢᠳᠡᠪᠬᠢᠲᠡᠢ ᠣᠷᠤᠯᠴᠠᠭᠤᠯᠬᠤ ᠪᠠᠷ ᠬᠥᠲᠥᠯᠥᠨ ᠵᠢᠯᠤᠭᠤᠳᠴᠤ ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠷᠤᠭᠰᠢᠲᠠᠢ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠶ ᠪᠣᠯᠭᠠᠨ᠎ᠠ ᠃
︵ ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠬᠤ ᠬᠡᠷᠡᠭᠲᠡᠢ ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠤᠨ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠬᠤ ᠪᠠ ᠰᠤᠳᠤᠯᠤᠨ ᠮᠠᠭᠠᠳᠯᠠᠵᠤ᠂ ᠬᠤᠷᠸ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠲᠤᠭ᠎ᠠ ᠪᠦᠷᠢᠳᠬᠡᠯ ᠤᠨ ᠵᠠᠰᠠᠭ ᠤᠨ ᠶᠠᠪᠤᠳᠠᠯ ᠢ ᠵᠥᠪᠯᠡᠵᠦ ᠯᠠᠪᠯᠠᠬᠤ ᠳᠤ ᠦᠵᠡᠭᠦᠯᠬᠦ ᠦᠢᠯᠡᠳᠦᠯ ᠢ ᠨᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ ᠃