|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2023/7/7
|
|
7 ᠰᠠᠷ᠎ᠠ ᠶᠢᠨ 6 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ︽ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠮᠠᠭᠲᠠ ᠴᠢᠩᠭ᠎ᠠ ᠪᠠᠶᠢᠬᠤ ᠭᠦᠭ ᠠᠶᠠᠰ ᠂ ᠴᠢᠩᠭ᠎ᠠ ᠠᠷᠭ᠎ᠠ ᠬᠡᠮᠵᠢᠶ᠎ᠡ ᠂ ᠴᠢᠩᠭ᠎ᠠ ᠪᠠᠶᠢᠬᠤ ᠠᠭᠤᠷ ᠠᠮᠢᠰᠬᠤᠯ ᠢ ᠪᠠᠷᠢᠮᠲᠠᠯᠠᠵᠤ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠵᠠᠩᠭᠢᠯᠠᠭ᠎ᠠ ᠶᠢᠨ ᠭᠤᠭᠴᠤᠭ᠎ᠠ ᠪᠣᠯᠣᠨ ᠵᠠᠩᠭᠢᠯᠠᠭ᠎ᠠ ᠶᠢᠨ ᠴᠥᠭᠡᠨ ᠲᠣᠭᠠᠲᠠᠨ ᠢ ᠨᠢᠭᠲᠠ ᠴᠢᠩᠭ᠎ᠠ ᠠᠩᠬᠠᠷᠴᠤ ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ ᠂ ᠳᠦᠷᠢᠮ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ ᠂ ᠰᠤᠷᠲᠠᠯ ᠴᠢᠬᠡᠴᠢ ᠣᠪᠣᠷ ᠲᠥᠪ ᠪᠠᠶᠢᠬᠤ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠴᠢᠨᠠᠭᠰᠢᠳᠠ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ᠶᠡᠷᠦᠩᠬᠡᠢ ᠱᠦᠵᠢ ᠶᠢᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠩᠬᠠᠷᠤᠯ ᠢᠶᠠᠨ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠲᠥᠪᠯᠡᠷᠡᠭᠦᠯᠵᠦ ᠂ ᠬᠦᠴᠦᠯᠡᠬᠦ ᠴᠡᠭ ᠢᠶᠠᠨ ᠪᠣᠳᠠᠲᠠᠢ ᠠᠵᠢᠯ ᠳᠤᠮᠳᠠ ᠲᠥᠪᠯᠡᠷᠡᠭᠦᠯᠵᠦ ᠂ ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠣᠨᠢᠯᠠᠵᠤ ᠂ ᠡᠷᠡᠰ ᠰᠢᠭᠤᠷᠬᠠᠢ ᠪᠠᠷ ᠪᠦᠲᠦᠴᠡ ᠳᠤ ᠲᠣᠬᠢᠷᠠᠭᠤᠯᠤᠯᠲᠠ ᠬᠢᠵᠦ ᠂ ᠦᠵᠡᠯᠲᠡ ᠲᠠᠨᠢᠯᠲᠠ ᠪᠠᠨ ᠬᠤᠪᠢᠷᠠᠭᠤᠯᠵᠤ ᠂ ᠰᠤᠷᠲᠠᠯ ᠢᠶᠠᠨ ᠰᠠᠶᠢᠵᠢᠷᠠᠭᠤᠯᠵᠤ ᠂ ᠬᠤᠶᠠᠷ ᠶᠡᠭᠡ ᠶᠠᠪᠤᠳᠠᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠃ ᠭᠤᠣᠯᠳᠠᠯᠭ᠎ᠠ ᠵᠠᠩᠭᠢᠯᠠᠭ᠎ᠠ ᠶᠢ ᠨᠢᠭᠲᠠ ᠠᠩᠬᠠᠷᠴᠤ ᠂ ᠡᠨᠧᠷᠭᠢ ᠂ ᠬᠤᠪᠣᠷ ᠰᠢᠷᠣᠢ ᠂ ᠮᠠᠯ ᠠᠵᠤ ᠠᠬᠤᠢ ᠲᠠᠷᠢᠶᠠᠯᠠᠩ ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠴᠢᠩᠭ᠎ᠠ ᠠᠳᠬᠤᠵᠤ ᠱᠠᠯᠠᠪᠳᠠᠭᠤᠯᠤᠨ ᠬᠢᠵᠦ ᠠᠬᠢᠭᠤᠯᠬᠤ ᠬᠡᠷᠡᠭᠲᠡᠢ ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠲᠠ ᠠᠩᠬᠠᠷᠴᠤ ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠭᠡᠬᠦ ᠦᠵᠡᠯᠲᠡ ᠲᠠᠨᠢᠯᠲᠠ ᠪᠠᠨ ᠴᠢᠩᠭᠠᠳᠬᠠᠵᠤ ᠂ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠂ ᠭᠤᠣᠯ ᠰᠡᠳᠦᠪᠲᠦ ᠬᠥᠮᠦᠵᠢᠯ ᠳᠤ ᠢᠯᠡᠷᠡᠭᠦᠯᠦᠭᠰᠡᠨ ᠠᠰᠠᠭᠤᠳᠠᠯ ᠢ ᠡᠷᠡᠰ ᠰᠢᠢᠳᠪᠦᠷᠢᠯᠡᠬᠦ ᠬᠡᠷᠡᠭᠲᠡᠢ ᠃ ᠡᠷᠴᠢᠮᠵᠢᠭᠦᠯᠵᠦ ᠠᠷᠪᠢᠯᠠᠨ ᠭᠠᠮᠨᠠᠬᠤ ᠶᠢ ᠨᠢᠭᠲᠠ ᠠᠩᠬᠠᠷᠴᠤ ᠂ ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠂ ᠳᠠᠷᠤᠢ ᠬᠥᠭᠵᠢᠯᠲᠡ ᠮᠥᠨ ᠭᠡᠬᠦ ᠣᠶᠢᠯᠠᠭᠠᠭᠳᠠᠬᠤᠨ ᠢ ᠴᠢᠩᠭᠠᠳᠬᠠᠵᠤ ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ ︾ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠡᠯ᠎ᠡ ᠬᠦᠷᠢᠶᠡᠨ ᠳᠠᠬᠢ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠬᠡᠷᠡᠭᠲᠡᠢ ᠃ ᠵᠥᠪᠯᠡᠯᠴᠡᠭᠡᠷ ᠲᠣᠭᠲᠠᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠢᠭᠲᠠ ᠠᠩᠬᠠᠷᠴᠤ ᠂ ᠨᠡᠩ ᠤᠯᠠᠨ ᠪᠡᠯᠡ ᠣᠷᠣᠭᠤᠯᠤᠯᠲᠠ ᠶᠢ ᠣᠷᠣᠭᠤᠯᠤᠨ ᠠᠪᠴᠢᠷᠠᠵᠤ ᠂ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠵᠤ ᠨᠤᠲᠤᠭᠰᠢᠭᠤᠯᠬᠤ ᠬᠡᠷᠡᠭᠲᠡᠢ ᠃ ᠲᠤᠷᠰᠢᠯᠭ᠎ᠠ ᠶᠢ ᠳᠡᠯᠭᠡᠷᠡᠭᠦᠯᠬᠦ ᠶᠢ ᠨᠢᠭᠲᠠ ᠠᠩᠬᠠᠷᠴᠤ ᠂ ᠰᠠᠶᠢᠨ ᠲᠤᠷᠰᠢᠯᠭ᠎ᠠ ᠦᠷ᠎ᠡ ᠪᠦᠲᠦᠭᠡᠯ ᠢ ᠲᠤᠶᠢᠯᠪᠤᠷᠢᠲᠠᠢ ᠪᠠᠶᠢᠴᠠᠭᠠᠬᠤ ᠶᠢ ᠥᠷᠨᠢᠭᠦᠯᠬᠦ ᠬᠡᠷᠡᠭᠲᠡᠢ ᠃ ᠰᠤᠷᠲᠠᠯ ᠢ ᠰᠠᠶᠢᠵᠢᠷᠠᠭᠤᠯᠬᠤ ᠶᠢ ᠨᠢᠭᠲᠠ ᠠᠩᠬᠠᠷᠴᠤ ᠂ ︽ᠤᠳᠠᠭᠠᠨ ᠂ ᠪᠦᠳᠦᠭᠦᠯᠢᠭ ᠂ ᠬᠡᠶᠢᠰᠪᠦᠷᠢ ︾ ᠪᠠᠶᠢᠬᠤ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠪᠠᠰᠠ ᠣᠨ ᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠬᠢᠷᠠᠭᠤᠯᠵᠤ ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠠᠶᠢᠷᠢᠯᠠᠭᠤᠯᠵᠠᠢ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|