|
ᠤᠯᠠᠭᠠᠨᠴᠠᠪ ᠬᠤᠲᠠ 2023 ᠣᠨ ᠤ ᠳᠡᠭᠡᠷ᠎ᠡ ᠬᠠᠭᠠᠰ ᠵᠢᠯ ᠳᠤ 24.73 ᠳ᠋ᠦᠩᠰᠢᠭᠤᠷ ᠲᠥᠭᠦᠷᠢᠭ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ | ᠮᠥᠩᠭᠦ ᠲᠠᠷᠬᠠᠭᠠᠵᠤ 92.3 ᠲᠦᠮᠡᠨ ᠡᠷᠦᠬᠡ ᠳᠤ ᠠᠰᠢᠭ ᠬᠦᠷᠲᠡᠭᠡᠪᠡ |
|
|
ᠨᠡᠶᠢᠲᠡᠯᠡᠭᠰᠡᠨ ᠴᠠᠭ᠄
2023/8/2
|
|
2023 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠴᠠᠪ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠷᠠᠳ ᠤᠨ ᠠᠮᠢᠳᠤᠷᠠᠯ ᠤᠨ ᠠᠵᠢᠯ ᠳᠤ ᠨᠡᠮᠡᠬᠦ ᠠᠷᠭ᠎ᠠ ᠶᠢ ᠯᠠ ᠬᠡᠷᠡᠭᠵᠢᠭᠦᠯᠬᠦ ᠠᠴᠠ ᠪᠢᠰᠢ ᠬᠠᠰᠤᠬᠤ ᠠᠷᠭ᠎ᠠ ᠶᠢ ᠥᠯᠥ ᠬᠡᠷᠡᠭᠵᠢᠭᠦᠯᠬᠦ ᠵᠠᠷᠴᠢᠮ ᠶᠣᠰᠣᠭᠠᠷ᠂ ᠡᠳ᠋ ᠤᠨ ᠵᠠᠰᠠᠭ ᠠᠴᠠ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠶᠢ ᠨᠡᠶᠢᠲᠡ 9 ᠬᠦᠷᠢᠶᠡᠨ ᠤ 92 ᠲᠥᠷᠥᠯ ᠤᠨ 109 ᠵᠦᠢᠯ ᠤᠨ ᠪᠡᠯᠡ ᠮᠥᠩᠭᠦ ᠲᠠᠷᠬᠠᠭᠠᠨ ᠥᠭᠴᠦ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠨᠡᠶᠢᠭᠡᠮ ᠤᠨ ᠪᠠᠲᠤᠯᠠᠭ᠎ᠠ᠂ ᠪᠦᠲᠦᠭᠡᠨ ᠪᠠᠶᠢᠭᠤᠯᠤᠯᠲᠠ ᠵᠡᠷᠭᠡ 17 ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠯᠪᠣᠭᠳᠠᠵᠤ᠂ ᠡᠯ᠎ᠡ ᠲᠥᠷᠥᠯ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 24.73 ᠳ᠋ᠦᠩᠰᠢᠭᠤᠷ ᠲᠥᠭᠦᠷᠢᠭ ᠲᠠᠷᠬᠠᠭᠠᠨ ᠥᠭᠴᠦ᠂ 92.3 ᠲᠦᠮᠡᠨ ᠡᠷᠦᠬᠡ᠂ 536.9 ᠲᠦᠮᠡᠨ ᠬᠥᠮᠥᠨ / ᠤᠳᠠᠭ᠎ᠠ ᠳᠤ ᠠᠰᠢᠭ ᠬᠦᠷᠲᠡᠭᠡᠪᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|