ᠭᠢᠨᠳᠠᠨ ᠤ ᠲᠣᠭᠤᠷᠢᠭ ᠤᠨ ᠤᠬᠠᠭᠤᠯᠭ᠎ᠠ ᠶᠢᠨ ᠰᠠᠮᠪᠠᠷ᠎ᠠ᠂ LED ᠳᠡᠯᠭᠡᠴᠡ ᠵᠡᠷᠭᠡ ᠤᠬᠠᠭᠤᠯᠭ᠎ᠠ ᠶᠢᠨ ᠲᠠᠪᠴᠠᠩ ᠳᠤ ᠵᠠᠰᠠᠭ ᠤᠨ ᠶᠠᠪᠤᠳᠠᠯ ᠢ ᠢᠯᠡ ᠪᠤᠯᠭᠠᠬᠤ ᠲᠤᠰᠬᠠᠢ ᠪᠤᠯᠤᠩ ᠲᠣᠬᠢᠷᠠᠭᠤᠯᠵᠤ᠂ ᠨᠡᠶᠢᠭᠡᠮ ᠨᠠᠶᠢᠲᠠ ᠠᠴᠠ ᠨᠡᠯᠢᠶᠡᠳ ᠠᠩᠬᠠᠷᠴᠤ ᠪᠠᠶᠢᠭ᠎ᠠ ᠪᠠ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠭᠤᠣᠯᠳᠠᠯᠭ᠎ᠠ ᠲᠠᠢ ᠠᠭᠤᠯᠭ᠎ᠠ ᠶᠢ ᠨᠡᠶᠢᠲᠡᠯᠡᠪᠡ︔ ᠭᠢᠨᠳᠠᠨ ᠤ ᠳᠠᠷᠤᠭ᠎ᠠ ᠶᠢᠨ ᠭᠥᠯᠢᠶᠡᠨ ᠠᠪᠬᠤ ᠡᠳᠦᠷ᠂ ᠲᠥᠷᠥᠯ ᠰᠠᠳᠤᠨ ᠡᠷᠭᠢᠨ ᠦᠵᠡᠬᠦ ᠨᠡᠭᠡᠭᠡᠯᠲᠡ ᠶᠢᠨ ᠡᠳᠦᠷ ᠤᠨ ᠳᠦᠷᠢᠮ ᠢ ᠲᠣᠭᠲᠠᠭᠠᠵᠤ᠂ ᠬᠠᠯᠠᠮᠰᠢᠯ ᠤᠲᠠᠰᠤ ᠨᠠᠪᠲᠠᠷᠡᠭᠦᠯᠵᠦ᠂ ᠭᠡᠷ ᠪᠦᠯᠢ ᠶᠢᠨ ᠬᠢᠨ ᠤ ᠠᠵᠢᠯ ᠤᠨ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠣᠶᠢᠯᠠᠭᠠᠬᠤ ᠳᠤ ᠲᠥᠭᠦᠮ ᠦᠵᠡᠭᠦᠯᠪᠡ ᠁
ᠡᠨᠡ ᠪᠣᠯ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠬᠦ᠂ ᠢᠯᠡ ᠪᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠲᠠᠯ᠎ᠠ ᠪᠠᠷ ᠣᠯᠣᠭᠰᠠᠨ ᠢᠯᠡᠳᠲᠡ ᠦᠷ᠎ᠡ ᠪᠦᠲᠦᠮᠵᠢ ᠪᠣᠯᠣᠨ᠎ᠠ᠃
ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠢ ᠳᠤᠨᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠲᠥᠰᠥᠯ︾ ᠢ ᠲᠣᠭᠲᠠᠭᠠᠵᠤ᠂ ᠰᠤᠷᠤᠯᠴᠠᠬᠤ ᠭᠡᠯᠪᠡᠷᠢ ᠶᠢᠨ ᠰᠢᠨ᠎ᠡ ᠶᠢ ᠡᠭᠦᠳᠴᠦ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠰᠡᠳᠦᠪᠲᠦ ᠬᠥᠮᠦᠵᠢᠯ ᠤᠨ ᠳᠤᠮᠳᠠ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠭᠤᠯᠵᠤ᠂ ᠤᠷᠤᠭᠰᠢᠯᠠᠨ ᠳᠠᠪᠰᠢᠬᠤ ᠬᠦᠴᠦᠨ ᠢ ᠨᠢᠬᠲᠠᠷᠠᠭᠤᠯᠪᠠ︔ ︽ᠪᠦᠭᠦ ᠣᠷᠣᠨ ᠤ ᠭᠢᠨᠳᠠᠨ ᠤ ᠰᠢᠰᠲ᠋ᠧᠮ ᠤᠨ ᠪᠠᠶᠢᠴᠠᠭᠠᠨ ᠰᠤᠳᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠡᠴᠦᠰ ᠲᠤᠨᠢ ᠲᠤᠯᠲᠠᠯ᠎ᠠ ᠲᠤᠶᠢᠯᠪᠤᠷᠢᠲᠠᠢ ᠬᠢᠬᠦ︾ ᠪᠠᠶᠢᠴᠠᠭᠠᠨ ᠰᠤᠳᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠶᠢᠴᠠᠭᠠᠨ ᠰᠤᠳᠤᠯᠤᠯᠲᠠ ᠶᠢᠨ ᠳᠠᠩᠰᠠᠯᠠᠯᠲᠠ ᠶᠢᠨ ᠨᠠᠷᠢᠨ ᠳᠠᠩᠰᠠ᠂ ᠠᠰᠠᠭᠤᠳᠠᠯ ᠤᠨ ᠨᠠᠷᠢᠨ ᠳᠠᠩᠰᠠ᠂ ᠭᠢᠯᠠᠰ ᠴᠡᠭ ᠤᠨ ᠨᠠᠷᠢᠨ ᠳᠠᠩᠰᠠ ᠪᠠ ᠠᠬᠢᠴᠠ ᠶᠢᠨ ᠨᠠᠷᠢᠨ ᠳᠠᠩᠰᠠ ᠵᠡᠷᠭᠡ 4 ᠨᠠᠷᠢᠨ ᠳᠠᠩᠰᠠ ᠶᠢ ᠲᠣᠭᠲᠠᠭᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠷᠠᠳ ᠤᠨ ᠰᠠᠨᠠᠭ᠎ᠠ ᠶᠢ ᠰᠣᠨᠣᠰᠴᠤ᠂ ᠪᠣᠳᠠᠲᠤ ᠪᠠᠶᠢᠳᠠᠯ ᠢ ᠪᠠᠶᠢᠴᠠᠭᠠᠨ᠂ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠬᠠᠨᠳᠤᠯᠭᠠᠲᠤ ᠪᠣᠳᠣᠯᠭ᠎ᠠ ᠶᠢ ᠪᠣᠳᠠᠲᠠᠢ ᠳᠤᠷᠠᠳᠴᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 56 ᠤᠳᠠᠭ᠎ᠠ ᠪᠠᠶᠢᠴᠠᠭᠠᠨ ᠰᠤᠳᠤᠯᠤᠯᠲᠠ ᠥᠷᠨᠢᠭᠦᠯᠵᠦ᠂ 13 ᠠᠰᠠᠭᠤᠳᠠᠯ ᠢ ᠢᠯᠡᠷᠡᠭᠦᠯᠵᠦ᠂ 18 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠨᠢᠭᠡᠨᠲᠡ 16 ᠵᠤᠷᠪᠤᠰ ᠢ ᠴᠡᠭᠴᠡᠯᠡᠨ ᠰᠠᠶᠢᠵᠢᠷᠠᠭᠤᠯᠪᠠ᠃
ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠭᠦᠨᠵᠡᠭᠡᠶᠢᠷᠡᠭᠦᠯᠬᠦ ᠪᠠᠷ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠭᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠤᠷᠤᠯᠴᠠᠬᠤ ᠬᠦᠷᠢᠶᠡᠯᠡᠩ᠂ ᠤᠬᠠᠭᠤᠯᠬᠤ ᠪᠤᠯᠤᠩ ᠵᠡᠷᠭᠡ ᠲᠠᠪᠴᠠᠩ ᠳᠤ ᠵᠠᠰᠠᠭ ᠤᠨ ᠶᠠᠪᠤᠳᠠᠯ ᠢ ᠢᠯᠡ ᠪᠤᠯᠭᠠᠬᠤ ᠲᠤᠰᠬᠠᠢ ᠪᠤᠯᠤᠩ ᠲᠣᠬᠢᠷᠠᠭᠤᠯᠵᠤ᠂ ᠬᠠᠤᠯᠢ ᠬᠡᠷᠡᠭᠵᠢᠭᠦᠯᠦᠭᠰᠡᠨ ᠪᠠᠶᠢᠳᠠᠯ᠂ ᠭᠢᠨᠳᠠᠨ ᠤ ᠭᠠᠳᠠᠨ᠎ᠠ ᠲᠦᠷ ᠬᠡᠷᠡᠭᠵᠢᠭᠦᠯᠦᠭᠰᠡᠨ ᠦᠷ᠎ᠡ ᠳ᠋ᠦᠩ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠢᠯᠡ ᠪᠤᠯᠭᠠᠵᠤ᠂ ᠢᠯᠡ ᠲᠣᠳᠣᠷᠬᠠᠢ ᠬᠠᠤᠯᠢ ᠬᠡᠷᠡᠭᠵᠢᠭᠦᠯᠬᠦ ᠶᠢ ᠢᠳᠡᠪᠬᠢᠲᠡᠢ ᠠᠭᠢᠭᠤᠯᠪᠠ︔ ︽ᠰᠦᠯᠵᠢᠶᠡᠨ ᠳᠡᠭᠡᠷᠡᠬᠢ + ᠪᠣᠳᠠᠲᠤ ᠴᠣᠭᠴᠠ︾ ᠶᠢᠨ ᠠᠷᠭ᠎ᠠ ᠭᠡᠯᠪᠡᠷᠢ ᠪᠠᠷ ᠵᠠᠰᠠᠭ ᠤᠨ ᠶᠠᠪᠤᠳᠠᠯ ᠢ ᠢᠯᠡ ᠪᠤᠯᠭᠠᠬᠤ ᠭᠡᠯᠪᠡᠷᠢ ᠶᠢ ᠪᠠᠶᠠᠯᠢᠭᠵᠢᠭᠤᠯᠵᠤ᠂ ᠵᠢᠷᠭᠢᠶ᠎ᠡ᠂ ᠠᠯᠪᠠᠨ ᠰᠦᠯᠵᠢᠶ᠎ᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠬᠡᠷᠡᠭᠯᠡᠨ᠂ ᠲᠥᠷᠥᠯ ᠰᠠᠳᠤᠨ ᠪᠠ ᠣᠯᠠᠨ ᠲᠦᠮᠡᠨ ᠤ ᠮᠡᠳᠡᠭᠡ ᠵᠠᠩᠭᠢ ᠣᠯᠬᠤ ᠳᠤ ᠨᠠᠩ ᠳᠥᠭᠦᠮ ᠳᠥᠲᠡ ᠪᠤᠯᠭᠠᠪᠠ︔ ︽ᠣᠶᠤᠨᠴᠢ ᠭᠢᠨᠳᠠᠨ︾ ᠤ ᠪᠠᠶᠢᠭᠤᠯᠤᠯᠲᠠ ᠲᠠᠢ ᠤᠶᠠᠯᠳᠤᠭᠤᠯᠤᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠵᠣᠬᠢᠴᠠᠭᠤᠯᠤᠨ ᠠᠬᠢᠭᠤᠯᠵᠤ᠂ ᠬᠡᠷᠡᠭ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠡᠷᠡᠭ ᠰᠢᠢᠳᠪᠦᠷᠢᠯᠡᠬᠦ ᠪᠦᠭᠦ ᠶᠠᠪᠤᠴᠠ ᠳᠤ ᠣᠷᠣᠮ ᠦᠯᠡᠳᠡᠭᠡᠬᠦ ᠶᠢ ᠪᠡᠶᠡᠯᠡᠭᠦᠯᠪᠡ᠃
ᠣᠳᠣᠬᠠᠨ ᠪᠤᠯᠲᠠᠯ᠎ᠠ᠂ ᠪᠦᠭᠦ ᠣᠷᠣᠨ ᠤ ᠭᠢᠨᠳᠠᠨ ᠤ ᠰᠢᠰᠲ᠋ᠧᠮ ᠵᠢᠷᠭᠢᠶ᠎ᠡ ᠶᠢᠨ ᠲᠠᠪᠴᠠᠩ ᠢᠶᠠᠷ ᠳᠠᠮᠵᠢᠭᠤᠯᠤᠨ᠂ ᠮᠡᠳᠡᠭᠡ ᠵᠠᠩᠭᠢ ᠶᠢ 3910 ᠵᠤᠷᠪᠤᠰ ᠢᠯᠡ ᠪᠤᠯᠭᠠᠵᠤ᠂ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠠᠵᠢᠯ ᠢ ᠣᠶᠢᠯᠠᠭᠠᠬᠤ ᠳᠤ ᠲᠥᠭᠦᠮ ᠦᠵᠡᠭᠦᠯᠪᠡ︔ ᠭᠢᠨᠳᠠᠨ ᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠪᠠᠶᠢᠴᠠᠭᠠᠬᠤ ᠲᠤᠰᠢᠶᠠᠯᠲᠠᠨ ᠤ ᠵᠠᠬᠢᠳᠠᠯ ᠤᠨ ᠬᠠᠶᠢᠷᠴᠠᠭ᠂ ᠴᠠᠭᠳᠠᠭ᠎ᠠ ᠪᠣᠯᠵᠣᠬᠤ ᠵᠠᠬᠢᠳᠠᠯ ᠤᠨ ᠬᠠᠶᠢᠷᠴᠠᠭ᠂ ᠵᠠᠭᠠᠯᠳᠤᠯᠭ᠎ᠠ ᠶᠢᠨ ᠬᠠᠶᠢᠷᠴᠠᠭ ᠢ 869 ᠲᠣᠬᠢᠷᠠᠭᠤᠯᠵᠤ᠂ 270 ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠭᠴᠢ ᠶᠢ ᠤᠷᠢᠵᠤ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠪᠠ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠢ ᠢᠯᠡ ᠲᠣᠳᠣᠷᠬᠠᠢ ᠬᠡᠷᠡᠭᠵᠢᠭᠦᠯᠬᠦ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ᠂ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠳᠣᠲᠣᠭᠠᠳᠤ ᠶᠢᠨ ᠬᠢᠨᠠᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠪᠠᠷ ᠳᠠᠮᠵᠢᠭᠤᠯᠤᠨ᠂ ᠭᠢᠨᠳᠠᠨ ᠤ ᠡᠯ᠎ᠡ ᠬᠠᠤᠯᠢ ᠬᠡᠷᠡᠭᠵᠢᠭᠦᠯᠬᠦ ᠭᠤᠭᠴᠤᠭ᠎ᠠ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠨᠡᠶᠢᠭᠡᠮ ᠨᠡᠶᠢᠲᠡ ᠳᠤ ᠢᠯᠡ ᠪᠤᠯᠭᠠᠵᠤ᠂ ᠬᠠᠤᠯᠢ ᠬᠡᠷᠡᠭᠵᠢᠭᠦᠯᠬᠦ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠵᠠᠢ᠃ ︽ᠵᠠᠯᠭᠠᠭᠠᠳ᠂ ᠪᠢᠳᠡ ᠠᠵᠢᠯ ᠤᠨ ᠳᠤᠮᠳᠠᠬᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠠᠵᠢᠯ ᠤᠨ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠨᠢᠦ ᠹᠠᠩ ᠽᠧ ᠢᠯᠡᠳᠬᠡᠪᠡ᠃