8 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ ᠲᠠᠢ ᠪᠠᠷᠠᠳᠠᠨ ᠠᠭᠤᠯᠵᠠᠪᠠ ᠃


8 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ ᠲᠠᠢ ᠪᠠᠷᠠᠳᠠᠨ ᠠᠭᠤᠯᠵᠠᠪᠠ ᠃
ᠰᠤᠷᠪᠤᠯᠵᠢᠯᠠᠬᠴᠢ ᠮᠠ ᠵᠢᠶᠠᠨ ᠴᠢᠤᠧᠠᠨ ᠰᠡᠭᠦᠳᠡᠷᠯᠡᠪᠡ
ᠾᠧ ᠪᠦᠦ ᠰᠢᠶᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠯᠠᠨ ᠵᠢᠯ ᠤᠨ ᠲᠤᠷᠰᠢ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠦᠴᠦᠲᠡᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠶᠡᠷᠦ ᠪᠤᠰᠤ ᠶᠢᠨ ᠠᠮᠵᠢᠯᠲᠠ ᠪᠦᠲᠦᠮᠵᠢ ᠣᠯᠵᠤ ᠂ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ ᠃ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠤᠶᠤᠨ ᠤᠬᠠᠭᠠᠨ ᠢ ᠲᠥᠪᠯᠡᠷᠡᠭᠦᠯᠦᠭᠰᠡᠨ ᠂ ᠴᠢᠳᠠᠪᠤᠷᠢᠲᠠᠨ ᠢ ᠴᠤᠭᠯᠠᠷᠠᠭᠤᠯᠤᠭᠰᠠᠨ ᠂ ᠬᠠᠷᠢᠯᠴᠠᠭ᠎ᠠ ᠥᠷᠭᠡᠨ ᠳᠡᠯᠭᠡᠷ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠥᠪᠥᠷ ᠮᠣᠩᠭᠤᠯ ᠤᠨ ᠶᠠᠭ ᠴᠢᠷᠮᠠᠶᠢᠨ ᠪᠡᠶᠡᠯᠡᠭᠦᠯᠵᠦ ᠪᠠᠶᠢᠭ᠎ᠠ ︽ᠲᠠᠪᠤᠨ ᠶᠡᠭᠡ ᠡᠭᠦᠷᠭᠡ ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠴᠤ ᠂ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠥᠭᠴᠦ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ ᠃
ᠰᠦᠨ ᠱᠤᠤ ᠴᠧᠩ ᠾᠧ ᠪᠦᠦ ᠰᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠣᠳᠣᠬᠠᠨ ᠳᠤ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ ᠃ ᠥᠪᠥᠷ ᠮᠣᠩᠭᠤᠯ ᠪᠣᠯ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ ᠮᠥᠨ ᠂ ᠵᠢᠯ ᠪᠦᠷᠢ ᠭᠠᠳᠠᠭᠰᠢ ᠪᠠᠨ ᠲᠣᠬᠢᠷᠠᠭᠤᠯᠤᠨ ᠬᠦᠷᠭᠡᠵᠦ ᠪᠠᠶᠢᠭ᠎ᠠ ᠠᠮᠤ ᠪᠤᠳᠠᠭ᠎ᠠ ᠂ ᠦᠬᠡᠷ ᠬᠤᠨᠢᠨ ᠮᠢᠬ᠎ᠠ ᠪᠠ ᠰᠦ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ ᠃ ᠪᠢᠳᠡ ᠤᠳᠤ ᠶᠠᠭ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ ᠂ ︽ᠭᠠᠵᠠᠷ ᠰᠢᠷᠣᠢ ᠂ ᠤᠰᠤ ᠂ ᠦᠷ᠎ᠡ ︾ ᠵᠡᠷᠭᠡ ᠪᠣᠭᠤᠮᠢ ᠬᠦᠯᠢᠶᠡᠰᠦᠯᠡᠯ ᠢ ᠬᠦᠴᠦᠯᠡᠨ ᠰᠢᠢᠳᠪᠦᠷᠢᠯᠡᠵᠦ ᠂ ᠲᠥᠬᠦᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠵᠤ ᠪᠠᠶᠢᠨ᠎ᠠ ᠃ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠨᠡᠩ ᠤᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ ᠂ ᠪᠢᠳᠡᠨ ᠢ ᠬᠠᠪᠰᠤᠷᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠰᠠᠶᠢᠲᠤᠷ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ ᠃
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠂ ᠳᠡᠳ᠋ ᠨᠠᠷᠢᠨ ᠪᠢᠴᠢᠭ ᠤᠨ ᠳᠠᠷᠤᠭ᠎ᠠ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠬᠤᠢ ᠳ᠋ᠦᠩ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢᠨ ᠢᠦᠢ ᠯᠦᠩ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠣᠷᠣᠯᠴᠠᠵᠠᠢ ᠃