ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/23


      8 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠨᠡᠯᠦᠶᠢᠲᠡᠯ᠎ᠡ ᠤᠰᠤᠯᠠᠬᠤ︾ ᠪᠠ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠬᠠᠢ ᠰᠤᠳᠤᠯᠪᠠ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠨᠡᠯᠦᠶᠢᠲᠡᠯ᠎ᠡ ᠤᠰᠤᠯᠠᠵᠤ ᠪᠤᠯᠬᠤ ᠦᠭᠡᠢ︾ ᠭᠡᠬᠦ ᠴᠢᠬᠤᠯᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠂ ᠨᠢᠭᠡ ᠳᠤ ᠂ ᠥᠨᠳᠥᠷ ᠪᠠᠷᠢᠮᠵᠢᠶ᠎ᠠ ᠪᠠᠷ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠶᠢ ᠪᠠᠷᠢᠮᠲᠠᠯᠠᠵᠤ ᠂ ᠢᠯᠠᠩᠭᠤᠶ᠎ᠠ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ︽ᠰᠤᠯᠠ ᠭᠠᠵᠠᠷ︾ ᠢ ᠬᠡᠷᠬᠢᠨ ᠪᠠᠭ᠎ᠠ ᠤᠰᠤᠯᠠᠬᠤ ᠂ ᠶᠠᠭᠠᠬᠢᠪᠠᠯ ᠤᠰᠤᠯᠠᠬᠤ ᠦᠭᠡᠢ ᠳᠤ ᠪᠤᠯᠬᠤ ᠂ ᠬᠡᠵᠢᠶ᠎ᠡ ᠬᠡᠷᠡᠭᠵᠢᠭᠦᠯᠬᠦ ᠵᠡᠷᠭᠡ ᠶᠢ ᠴᠥᠮ ᠲᠣᠳᠣᠷᠬᠠᠢ ᠪᠥᠭᠡᠳ ᠪᠣᠳᠠᠲᠠᠢ ᠪᠠᠶᠢᠯᠭᠠᠵᠤ ᠂ ︽ᠨᠡᠯᠦᠶᠢᠲᠡᠯ᠎ᠡ ᠤᠰᠤᠯᠠᠬᠤ︾ ᠪᠠᠶᠢᠳᠠᠯ ᠢ ᠶᠠᠭᠠᠬᠢᠭᠰᠠᠨ ᠴᠤ ᠦᠷᠭᠦᠯᠵᠢᠯᠡᠭᠦᠯᠵᠦ ᠪᠤᠯᠬᠤ ᠦᠭᠡᠢ ᠃ ᠬᠤᠶᠠᠷ ᠲᠤ ᠂ ᠴᠠᠭ ᠮᠥᠴᠡ ᠶᠢ ᠠᠮᠵᠢᠨ ᠪᠦᠬᠦᠶᠢᠯᠡ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠨᠠᠮᠤᠷ ᠤᠨ ᠬᠤᠷᠢᠶᠠᠯᠲᠠ ᠶᠢᠨ ᠳᠠᠷᠠᠭ᠎ᠠ ᠪᠦᠲᠦᠭᠡᠨ ᠪᠠᠶᠢᠭᠤᠯᠤᠯᠲᠠ ᠪᠠᠨ ᠲᠦᠷᠭᠡᠨ ᠡᠬᠢᠯᠡᠭᠦᠯᠵᠦ ᠂ ᠪᠦᠲᠦᠭᠡᠨ ᠪᠠᠶᠢᠭᠤᠯᠤᠯᠲᠠ ᠶᠢᠨ ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠃ ᠭᠤᠷᠪᠠ ᠳᠤ ᠂ ᠵᠡᠭᠦᠨ ᠂ ᠳᠤᠮᠳᠠ ᠂ ᠪᠠᠷᠠᠭᠤᠨ ᠬᠡᠰᠡᠭ ᠤᠨ ᠭᠠᠵᠠᠷ ᠣᠷᠣᠨ ᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠠᠳᠬᠤᠵᠤ ᠂ ᠨᠠᠩ ᠣᠯᠠᠨ ᠪᠣᠳᠠᠲᠠᠢ ᠶᠢ ᠡᠷᠬᠢᠮᠯᠡᠭᠰᠡᠨ ᠤᠰᠤ ᠠᠷᠪᠢᠯᠠᠬᠤ ᠪᠦᠲᠦᠮᠵᠢᠲᠡᠶ ᠠᠷᠭ᠎ᠠ ᠬᠡᠮᠵᠢᠶ᠎ᠡ ᠶᠢ ᠰᠦᠪᠡᠭᠴᠢᠯᠡᠵᠦ ᠂ ᠲᠦᠷᠭᠡᠳᠬᠡᠨ ᠳᠡᠯᠭᠡᠷᠡᠭᠦᠯᠵᠦ ᠂ ︽ᠨᠡᠯᠦᠶᠢᠲᠡᠯ᠎ᠡ ᠤᠰᠤᠯᠠᠬᠤ︾ ᠶᠢ ᠨᠠᠷᠢᠯᠢᠭ ᠤᠨᠤᠪᠴᠢᠲᠠᠢ ᠪᠠᠷ ᠳᠤᠰᠤᠯᠭᠠᠨ ᠤᠰᠤᠯᠠᠬᠤ ᠪᠣᠯᠭᠠᠨ ᠬᠤᠪᠢᠷᠠᠭᠤᠯᠵᠤ ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ ᠪᠦᠲᠦᠮᠵᠢᠲᠡᠶ ᠳᠡᠭᠡᠭᠰᠢᠯᠡᠭᠦᠯᠭᠦ ᠬᠡᠷᠡᠭᠲᠡᠢ ᠃ ᠳᠥᠷᠪᠡ ᠳᠤ ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ ᠂ ᠪᠠᠲᠤᠯᠠᠭ᠎ᠠ ᠶᠢᠨ ᠪᠢᠴᠢᠭ ᠪᠠᠭᠤᠯᠭᠠᠨ ᠂ ︽ᠨᠢᠭᠡ ᠠᠶᠢᠮᠠᠭ ︵ᠬᠤᠲᠠ︶ ᠲᠤ ᠨᠢᠭᠡ ᠠᠷᠭ᠎ᠠ ᠪᠣᠳᠣᠯᠭ᠎ᠠ ᠠᠪᠬᠤ︾ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠪᠠᠷᠢᠯᠭ᠎ᠠ ᠶᠢᠨ ᠦᠢᠯᠡᠰ ᠤᠨ ᠳᠠᠭᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠰᠤᠳᠤᠯᠵᠤ ᠂ ᠪᠠᠷᠢᠯᠭ᠎ᠠ ᠶᠢᠨ ᠦᠢᠯᠡᠰ ᠪᠣᠯ ᠮᠠᠨ ᠤ ᠣᠷᠣᠨ ᠤ ᠴᠢᠬᠤᠯᠠ ᠲᠤᠯᠭᠠᠭᠤᠷᠢ ᠠᠵᠤ ᠦᠢᠯᠡᠰ ᠮᠥᠨ ᠂ ᠠᠵᠢᠯ ᠲᠥᠷᠥᠯ ᠤᠨ ᠰᠠᠭᠤᠷᠢ ᠲᠤᠭ᠎ᠠ ᠶᠢ ᠱᠠᠯᠠᠪᠳᠠᠨ ᠲᠣᠳᠣᠷᠬᠠᠢ ᠣᠶᠢᠯᠠᠭᠠᠵᠤ ᠂ ᠠᠵᠤ ᠠᠬᠤᠶᠢᠯᠠᠯ ᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠂ ᠨᠢᠭᠡ ᠪᠦᠯᠦᠭ ︽ᠥᠪᠥᠷ ᠮᠣᠩᠭᠤᠯ︾ ᠲᠡᠮᠳᠡᠭᠲᠦ ᠪᠠᠷᠢᠯᠭ᠎ᠠ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ︽ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ