ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶᠎ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/8/25

ᠥᠪᠥᠷ ᠮᠣᠩᠭᠤᠯ ᠤᠨ ᠥᠪᠡᠷᠲᠡᠭᠡᠨ ᠵᠠ᠊ᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ


                              ᠥᠪᠥᠷ ᠵᠠᠰᠠᠭ ᠠᠯᠪᠠᠨ ᠲᠠᠷᠬᠠᠭᠠᠭᠰᠠᠨ ﹇2023﹈ 10 ᠳ᠋ᠤᠭᠠᠷ ᠲᠣᠭᠠᠲᠤ

         ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ

         ︵ᠦᠬᠡᠷ ᠬᠤᠨᠢ ᠢᠮᠠᠭ᠎ᠠ︶᠎ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ

         ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ

        ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

  

      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶᠎ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

                                                  2023 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ 

      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶᠎ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ

 

      ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ ᠪᠠ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠲᠣᠪᠣᠶᠢᠯᠭᠠᠵᠣ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶᠎ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ︵ᠳᠣᠷᠣᠭᠰᠢ ᠬᠥᠲᠥᠯᠥᠨ ᠵᠢᠯᠤᠭᠤᠳᠬᠤ ᠪᠡᠯᠡ ᠮᠥᠩᠭᠦ ᠭᠡᠵᠦ ᠲᠣᠪᠴᠢᠯᠠᠨ᠎ᠠ︶᠎ ᠶᠢ ᠲᠣᠬᠢᠷᠠᠭᠤᠯᠬᠤ ᠪᠠᠷ ᠳᠠᠮᠵᠢᠭᠤᠯᠤᠨ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠡᠯᠡ ᠮᠥᠩᠭᠦᠨ ᠤ ᠬᠥᠰᠢᠭᠦᠷᠭᠡ ᠶᠢᠨ ᠦᠷ᠎ᠡ ᠨᠥᠯᠥᠭᠡ ᠶᠢ ᠶᠡᠬᠡᠰᠬᠡᠨ᠂ ᠠᠵᠤ ᠠᠬᠤᠶᠢᠯᠠᠯ ᠤᠨ ᠡᠷᠭᠢᠮᠡᠯ ᠪᠡᠯᠡ ᠮᠥᠩᠭᠦᠨ ᠤ ᠪᠡᠯᠡ ᠲᠣᠬᠢᠷᠠᠭᠤᠯᠬᠤ ᠠᠰᠠᠭᠤᠳᠠᠯ ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃

      ᠨᠢᠭᠡ᠂ ᠶᠡᠷᠦᠩᠬᠡᠢ ᠰᠡᠳᠬᠢᠴᠡ

      ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠬᠤ ᠪᠠᠷ ᠳᠠᠮᠵᠢᠭᠤᠯᠵᠤ ᠪᠠᠩᠬᠢ ᠶᠢᠨ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢᠨ ᠵᠣᠭᠤᠰ ᠢ ᠬᠥᠭᠵᠢᠭᠡᠵᠦ ᠢᠲᠡᠭᠡᠮᠵᠢ ᠶᠢ ᠨᠢ ᠨᠡᠮᠡᠭᠳᠡᠭᠦᠯᠦᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠥᠭᠡᠳ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ︔ ᠴᠥᠷᠬᠡᠯᠡᠭᠡ ᠬᠠᠮᠢᠶᠠᠷᠤᠯᠲᠠ ᠪᠠ ᠲᠤᠰᠬᠠᠢ ᠡᠷᠥᠭᠡ ᠶᠢᠨ ᠬᠠᠮᠢᠶᠠᠷᠤᠯᠲᠠ ᠪᠠᠷ ᠳᠠᠮᠵᠢᠭᠤᠯᠤᠨ᠂ ᠲᠤᠰᠬᠠᠢ ᠵᠣᠭᠤᠰ ᠢ ᠲᠤᠰᠬᠠᠢ ᠬᠡᠷᠡᠭᠯᠡᠬᠦ ᠶᠢ ᠪᠡᠶᠡᠯᠡᠭᠦᠯᠵᠦ᠂ ᠪᠡᠯᠡ ᠮᠥᠩᠭᠦᠨ ᠤ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ︔ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠲᠠᠲᠠᠨ ᠣᠷᠣᠭᠤᠯᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠢ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠪᠦᠬᠦ ᠶᠠᠪᠤᠴᠠ ᠶᠢᠨ ᠬᠢᠨᠠᠨ ᠡᠵᠡᠮᠳᠡᠬᠦ ᠬᠠᠮᠢᠶᠠᠷᠤᠯᠲᠠ ᠬᠡᠷᠡᠭᠵᠢᠭᠦᠯᠬᠦ ᠪᠠᠷ ᠳᠠᠮᠵᠢᠭᠤᠯᠤᠨ᠂ ᠪᠡᠯᠡ ᠮᠥᠩᠭᠦᠨ ᠤ ᠳᠠᠯᠳᠠ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃

      ᠬᠤᠶᠠᠷ᠂ ᠪᠡᠯᠡ ᠮᠥᠩᠭᠦᠨ ᠤ ᠢᠷᠡᠯᠲᠡ᠂ ᠬᠡᠷᠡᠭᠴᠡᠭᠡ ᠵᠢᠴᠢ ᠬᠠᠮᠢᠶᠠᠷᠤᠯᠲᠠ

      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠪᠡᠯᠡ ᠮᠥᠩᠭᠦ ᠴᠤᠭᠯᠠᠭᠤᠯᠬᠤ ᠪᠠᠷ ᠳᠠᠮᠵᠢᠨ ᠪᠡᠯᠡ ᠮᠥᠩᠭᠦᠨ ᠤ ᠬᠥᠮᠥᠷᠭᠡ ᠪᠠᠶᠢᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠦᠨ᠂ ᠪᠠᠩᠬᠢ ᠶᠢᠨ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢ 1:10᠎ ᠶᠢᠨ ᠬᠠᠷᠢᠴᠠᠯ ᠢᠶᠠᠷ ᠬᠥᠭᠵᠢᠭᠡᠨ ᠭᠥᠢᠯᠭᠡᠭᠡᠵᠦ ᠪᠠᠶᠢᠭᠠᠳ ᠲᠠᠯᠪᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠵᠦ ᠬᠤᠳᠠᠯᠳᠤᠨ ᠠᠪᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠤᠨ ᠬᠤᠳᠠᠯᠳᠤᠬᠤ ᠬᠤᠭᠤᠴᠠᠭᠠᠨ ᠳᠠᠬᠢ ᠭᠦᠢᠯᠭᠡᠭᠡᠨ ᠤ ᠪᠡᠯᠡ ᠮᠥᠩᠭᠦ ᠳᠤᠲᠠᠭᠳᠠᠬᠤ ᠠᠰᠠᠭᠤᠳᠠᠯ ᠢ ᠨᠠᠮᠳᠠᠭᠤᠯᠤᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2 ᠳ᠋ᠥᠩᠰᠢᠭᠤᠷ ᠲᠥᠭᠦᠷᠢᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠤᠨ᠎ᠠ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠭᠤᠶᠤᠴᠢᠯᠠᠭᠰᠠᠨ ᠵᠢᠭᠡᠯᠡᠯᠭᠡ ᠶᠢᠨ ᠵᠣᠭᠤᠰ ᠤᠨ ᠲᠤᠭ᠎ᠠ ᠶᠢᠨ 10 %᠎ ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠪᠠᠲᠤᠯᠠᠭ᠎ᠠ ᠶᠢᠨ ᠮᠥᠩᠭᠦ ᠨᠢ ᠡᠷᠬᠡᠪᠰᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠥᠪᠡᠷ ᠤᠨ ᠬᠢᠨᠢ ᠪᠡᠯᠡ ᠮᠥᠩᠭᠦ ᠪᠠᠶᠢᠬᠤ ᠬᠡᠷᠡᠭᠲᠡᠢ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠡᠳ᠋ ᠤᠨ ᠵᠠᠰᠠᠭ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠥᠩᠭᠦᠨ ᠤ 1:0.5᠎ ᠪᠠᠷ ᠢᠵᠢ ᠪᠦᠷᠢᠳᠦᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠵᠢᠯ ᠪᠦᠷᠢ 1500 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠳᠠᠮ ᠬᠦᠦ ᠲᠠᠢ ᠪᠡᠯᠡ ᠮᠥᠩᠭᠦ ᠲᠣᠬᠢᠷᠠᠭᠤᠯᠤᠨ᠎ᠠ᠃ ᠣᠷᠣᠯᠠᠨ ᠲᠥᠯᠥᠬᠦ ᠤᠴᠢᠷ ᠡᠭᠦᠰᠪᠡᠯ᠂ ᠡᠩ ᠲᠡᠷᠢᠭᠦᠨ ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠪᠠ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠠᠳᠠᠭᠠᠯᠠᠮᠵᠢ ᠶᠢᠨ ᠵᠣᠭᠤᠰᠤᠨ ᠤ ᠬᠦᠦ ᠮᠥᠩᠭᠦᠨ ᠤ ᠣᠷᠣᠯᠭ᠎ᠠ ᠪᠠᠷ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ ᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠪᠠ ᠬᠤᠷᠰᠢᠭᠰᠠᠨ ᠪᠠᠩᠬᠢ ᠨᠢ 7: 3᠎ ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃ ᠵᠢᠭᠡᠯᠡᠯᠭᠡ ᠶᠢᠨ ᠬᠤᠭᠤᠴᠠᠭ᠎ᠠ ᠲᠤᠯᠵᠤ ᠡᠬᠡ ᠬᠦᠦ ᠮᠥᠩᠭᠦ ᠶᠢ ᠨᠢ ᠪᠤᠴᠠᠭᠠᠭᠰᠠᠨ ᠤ ᠳᠠᠷᠠᠭ᠎ᠠ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠠᠳᠠᠭᠠᠯᠠᠮᠵᠢ ᠶᠢᠨ ᠬᠦᠦ ᠮᠥᠩᠭᠦ ᠶᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃ ᠬᠥᠲᠥᠯᠥᠨ ᠵᠢᠯᠤᠭᠤᠳᠬᠤ ᠪᠡᠯᠡ ᠮᠥᠩᠭᠦᠨ ᠳᠤ ᠲᠤᠰᠬᠠᠢ ᠳᠠᠩᠰᠠ ᠶᠢᠨ ᠬᠠᠮᠢᠶᠠᠷᠤᠯᠲᠠ᠂ ᠪᠢᠳᠡᠭᠦᠮᠵᠢᠯᠡᠨ ᠠᠵᠢᠯᠯᠠᠭᠤᠯᠬᠤ ᠪᠠ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠬᠡᠷᠡᠭᠵᠢᠭᠦᠯᠦᠨ᠎ᠡ᠃

      ᠭᠤᠷᠪᠠ᠂ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠬᠠᠷᠢᠭᠤᠴᠠᠯᠭ᠎ᠠ

      ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠡᠭᠦᠷᠭᠡ ᠬᠠᠷᠢᠭᠤᠴᠠᠯᠭ᠎ᠠ᠃ ᠬᠥᠲᠥᠯᠥᠨ ᠵᠢᠯᠤᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ ᠤ ᠲᠥᠰᠥᠪ ᠤᠨ ᠬᠠᠮᠢᠶᠠᠷᠤᠯᠲᠠ᠂ ᠪᠡᠯᠡ ᠮᠥᠩᠭᠦ ᠰᠠᠯᠭᠠᠨ ᠥᠭᠬᠦ ᠶᠢ ᠬᠠᠷᠢᠭᠤᠴᠠᠨ᠎ᠠ︔ ᠬᠥᠲᠥᠯᠥᠨ ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔ ᠨᠥᠬᠦᠴᠡᠯ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠢᠯᠡ ᠪᠠᠷ ᠰᠣᠩᠭᠤᠨ ᠲᠣᠭᠲᠠᠭᠠᠵᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠪᠣᠯᠭᠠᠨ᠎ᠠ᠃

      ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠡᠭᠦᠷᠭᠡ ᠬᠠᠷᠢᠭᠤᠴᠠᠯᠭ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠢ ᠲᠠᠨᠢᠯᠴᠠᠭᠤᠯᠬᠤ ᠶᠢ ᠬᠠᠷᠢᠭᠤᠴᠠᠬᠤ ᠶᠢᠨ ᠬᠠᠮᠲᠤ᠂ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠵᠢᠭᠠᠨ ᠵᠢᠯᠤᠭᠤᠳᠴᠤ ᠪᠠᠶᠢᠭᠠᠳ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠥᠷᠥᠯ ᠵᠦᠢᠯ ᠤᠨ ᠮᠠᠲ᠋ᠧᠷᠢᠶᠠᠯ ᠢ ᠲᠠᠨᠢᠯᠴᠠᠭᠤᠯᠤᠨ᠎ᠠ᠃

      ︵ᠭᠤᠷᠪᠠ︶ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠃ ᠢᠯᠡ ᠪᠠᠷ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠯᠭᠠᠬᠤ ᠵᠠᠷᠴᠢᠮ ᠶᠣᠰᠣᠭᠠᠷ ᠬᠤᠷᠰᠢᠬᠤ ᠪᠠᠩᠬᠢ ᠶᠢ ᠰᠣᠩᠭᠤᠬᠤ ᠶᠢᠨ ᠬᠠᠮᠲᠤ᠂ ᠬᠤᠷᠰᠢᠭᠰᠠᠨ ᠪᠠᠩᠬᠢ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠯᠤᠭ᠎ᠠ ᠶᠢᠨ ᠡᠳᠦᠷ ᠲᠤᠲᠤᠮ ᠤᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠭᠤᠣᠯᠳᠠᠭᠤ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠂ ᠣᠷᠣᠯᠠᠨ ᠲᠥᠯᠥᠬᠦ ᠪᠡᠯᠡ ᠮᠥᠩᠭᠦ ᠶᠢ ᠬᠢᠨᠠᠨ ᠬᠠᠷᠭᠤᠭᠤᠯᠬᠤ ᠵᠢᠴᠢ ᠲᠦᠭᠰᠢᠭᠦᠷᠢ ᠶᠢ ᠰᠡᠷᠡᠮᠵᠢᠯᠡᠭᠦᠯᠬᠦ ᠲᠣᠭᠲᠠᠴᠠ ᠵᠡᠷᠭᠡ ᠪᠥᠬᠦ ᠴᠤᠪᠤᠷᠠᠯ ᠳᠤ ᠴᠥᠷᠬᠡᠯᠡᠭᠰᠡᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠪᠠᠩᠬᠢ ᠠᠵᠤ ᠠᠬᠤᠶᠢᠯᠠᠯ ᠢ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠬᠢᠨᠠᠯᠲᠠ ᠬᠠᠮᠢᠶᠠᠷᠤᠯᠲᠠ ᠬᠢᠯᠬᠡᠵᠦ᠂ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠣᠯᠭᠤᠬᠤ ᠵᠣᠭᠤᠰ ᠤᠨ ᠵᠦᠢᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ ᠣᠷᠣᠭᠤᠯᠤᠭᠰᠠᠨ ᠪᠠ ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠰᠠᠷ᠎ᠠ ᠪᠠᠷ ᠮᠡᠳᠡᠭᠦᠯᠬᠦ ᠳᠦᠷᠢᠮ᠂ ᠠᠵᠤ ᠠᠬᠤᠶᠢᠯᠠᠯ ᠤᠨ ᠬᠠᠷ᠎ᠠ ᠳᠠᠩᠰᠠ ᠶᠢᠨ ᠳᠦᠷᠢᠮ ᠢ ᠪᠠᠶᠢᠭᠤᠯᠤᠨ᠎ᠠ᠃

      ︵ᠳᠥᠷᠪᠡ︶ ᠬᠤᠷᠰᠢᠭᠰᠠᠨ ᠪᠠᠩᠬᠢ ᠶᠢᠨ ᠡᠭᠦᠷᠭᠡ ᠬᠠᠷᠢᠭᠤᠴᠠᠯᠭ᠎ᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠪᠠᠩᠬᠢ ᠪᠠ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠬᠥᠲᠥᠯᠥᠨ ᠵᠢᠯᠤᠭᠤᠳᠬᠤ ᠪᠡᠯᠡ ᠮᠥᠩᠭᠦᠨ ᠤ ᠮᠥᠩᠭᠦᠨ ᠭᠦᠢᠯᠭᠡᠭᠡᠨ ᠤ ᠨᠡᠷᠡᠳᠬᠦᠨ ᠢ ᠰᠤᠳᠤᠯᠤᠨ ᠨᠡᠭᠡᠭᠡᠬᠦ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠬᠤ ᠶᠠᠪᠤᠴᠠ ᠳᠤ ᠬᠢᠨᠠᠨ ᠬᠠᠷᠭᠤᠭᠤᠯᠬᠤ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢ ᠬᠠᠷᠢᠭᠤᠴᠠᠨ᠎ᠠ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠬᠢᠨᠠᠯᠲᠠ ᠬᠠᠮᠢᠶᠠᠷᠤᠯᠲᠠ ᠬᠢᠨ᠎ᠡ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠳᠤᠷᠠᠳᠤᠭᠰᠠᠨ ᠪᠡᠯᠡ ᠮᠥᠩᠭᠦ ᠣᠯᠭᠤᠬᠤ ᠭᠤᠶᠤᠴᠢᠯᠠᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ ᠣᠷᠣᠭᠤᠯᠤᠭᠰᠠᠨ ᠪᠠ ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠣᠷᠣᠯᠠᠨ ᠲᠥᠯᠥᠭᠰᠡᠨ ᠤ ᠳᠠᠷᠠᠭᠠᠬᠢ ᠨᠡᠬᠡᠮᠵᠢᠯᠡᠨ ᠬᠤᠷᠢᠶᠠᠬᠤ ᠪᠠ ᠲᠥᠯᠥᠪᠦᠷᠢ ᠶᠢ ᠨᠡᠬᠡᠮᠵᠢᠯᠡᠬᠦ ᠵᠡᠷᠭᠡ ᠠᠵᠢᠯ ᠢ ᠬᠠᠷᠢᠭᠤᠴᠠᠨ᠎ᠠ᠃

      ᠳᠥᠷᠪᠡ᠂ ᠭᠤᠶᠤᠴᠢᠯᠠᠬᠤ ᠨᠥᠬᠦᠴᠡᠯ᠂ ᠴᠤᠪᠤᠷᠠᠯ ᠵᠢᠴᠢ ᠵᠢᠭᠡᠯᠡᠯᠭᠡ ᠲᠠᠯᠪᠢᠵᠤ ᠬᠡᠷᠡᠭᠯᠡᠬᠦ

      ︵ᠨᠢᠭᠡ︶ ᠭᠤᠶᠤᠴᠢᠯᠠᠬᠤ ᠨᠥᠬᠦᠴᠡᠯ᠃ ᠬᠥᠲᠥᠯᠥᠨ ᠵᠢᠯᠤᠭᠤᠳᠬᠤ ᠪᠡᠯᠡ ᠮᠥᠩᠭᠦ ᠨᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠭᠠᠳ ᠪᠦᠬᠦᠯᠢ 2 ᠵᠢᠯ ᠪᠣᠯᠤᠭᠰᠠᠨ᠂ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 1.5 ᠳ᠋ᠥᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠠᠯᠠᠰᠢᠨ ᠦᠬᠡᠷ ᠠᠯᠠᠰᠢᠨ ᠬᠤᠨᠢ ᠢᠮᠠᠭ᠎ᠠ ᠶᠢᠨ ᠡᠳ᠋ᠰᠢᠭᠦᠯᠬᠦ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ ᠳᠡᠮᠵᠢᠨ᠎ᠡ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠢ᠄

      1. ᠪᠦᠭᠦ ᠡᠳ᠋ ᠬᠥᠷᠥᠩᠭᠡ ᠶᠢᠨ ᠬᠡᠪᠴᠢᠶ᠎ᠡ ᠨᠢ 3000 ᠲᠦᠮᠡᠨ ᠲᠥᠭᠦᠷᠢᠭ ᠠᠴᠠ ᠳᠡᠭᠡᠭᠰᠢ᠂ ᠲᠣᠭᠲᠠᠮᠠᠯ ᠡᠳ᠋ ᠬᠥᠷᠥᠩᠭᠡ ᠶᠢᠨ ᠬᠡᠪᠴᠢᠶ᠎ᠡ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ︔

      2. ᠬᠤᠳᠠᠯᠳᠤᠭᠠᠨ ᠤ ᠵᠠᠭᠪᠤᠷ ᠨᠢ ᠲᠣᠳᠣᠷᠬᠠᠢ᠂ ᠣᠶᠢᠷ᠎ᠠ ᠶᠢᠨ ᠭᠤᠷᠪᠠᠨ ᠵᠢᠯ ᠳᠤ ᠦᠷᠭᠦᠯᠵᠢᠯᠡᠭᠰᠡᠨ ᠠᠯᠳᠠᠭᠳᠠᠯ ᠪᠠᠶᠢᠬᠤ ᠦᠭᠡᠢ᠂ ᠠᠵᠤ ᠠᠬᠤᠶᠢᠯᠠᠯ ᠨᠢ ᠦᠷᠭᠦᠯᠵᠢᠯᠡᠨ ᠦᠢᠯᠡᠳᠪᠦᠷᠢᠯᠡᠵᠦ᠂ ᠬᠡᠪ ᠤᠨ ᠶᠣᠰᠣᠭᠠᠷ ᠠᠵᠢᠯᠯᠠᠵᠤ ᠪᠠᠶᠢᠬᠤ ᠪᠥᠭᠡᠳ ᠬᠠᠤᠯᠢ ᠶᠢᠨ ᠡᠷᠬᠡᠲᠡᠨ ᠠᠴᠠ ᠵᠠᠰᠠᠬᠤ᠂ ᠡᠳ᠋ ᠤᠨ ᠶᠠᠪᠤᠳᠠᠯ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ ᠪᠦᠷᠢᠨ ᠲᠡᠭᠦᠯᠳᠡᠷ ᠳᠦᠷᠢᠮ ᠲᠠᠢ ᠪᠠᠶᠢᠬᠤ︔

      3. ᠠᠵᠤ ᠠᠬᠤᠶᠢᠯᠠᠯ ᠵᠢᠴᠢ ᠲᠡᠭᠦᠨ ᠤ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠪᠣᠯᠣᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠨᠢ ᠴᠥᠮ ᠢᠲᠡᠭᠡᠯ ᠬᠦᠨᠳᠦ ᠪᠠᠷ ᠰᠠᠶᠢᠨ ᠪᠠᠶᠢᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠰᠢᠢᠳᠬᠡᠨ ᠲᠣᠷᠭᠠᠭᠰᠠᠨ ᠨᠥᠯᠥᠭᠡ ᠮᠠᠭᠤᠲᠠᠢ ᠲᠡᠮᠳᠡᠭᠯᠡᠯ ᠪᠠᠶᠢᠬᠤ ᠦᠭᠡᠢ᠂ ᠪᠠᠩᠬᠢ ᠶᠢᠨ ᠨᠥᠯᠥᠭᠡ ᠮᠠᠭᠤᠲᠠᠢ ᠢᠲᠡᠭᠡᠮᠵᠢ ᠶᠢᠨ ᠲᠡᠮᠳᠡᠭᠯᠡᠯ ᠵᠢᠴᠢ ᠬᠠᠷ᠎ᠠ ᠳᠠᠩᠰᠠ ᠶᠢᠨ ᠲᠡᠮᠳᠡᠭᠯᠡᠯ ᠪᠠᠶᠢᠬᠤ ᠦᠭᠡᠢ︔

      4. ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠬᠦ ᠴᠢᠭᠯᠡᠯ ᠳᠤ ᠨᠡᠶᠢᠴᠡᠵᠦ᠂ ᠵᠣᠭᠤᠰ ᠵᠢᠭᠡᠯᠡᠬᠦ ᠬᠡᠷᠡᠭᠴᠡᠭᠡ ᠵᠢᠴᠢ ᠵᠣᠭᠤᠰ ᠢᠶᠠᠨ ᠪᠤᠴᠠᠭᠠᠬᠤ ᠢᠷᠡᠯᠲᠡ ᠲᠣᠳᠣᠷᠬᠠᠢ ᠪᠥᠭᠡᠳ ᠬᠠᠤᠯᠢ ᠳᠤ ᠨᠡᠶᠢᠴᠡᠭᠰᠡᠨ ᠪᠠᠶᠢᠬᠤ᠃

      ︵ᠬᠤᠶᠠᠷ︶ ᠭᠤᠶᠤᠴᠢᠯᠠᠨ ᠮᠡᠳᠡᠭᠦᠯᠬᠦ ᠴᠤᠪᠤᠷᠠᠯ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ ᠬᠠᠷᠢᠶᠠᠯᠠᠭᠳᠠᠬᠤ ᠬᠠᠷᠢᠴᠠᠭ᠎ᠠ ᠪᠠᠷ ᠵᠡᠷᠭᠡ ᠳᠤ ᠨᠢ ᠬᠠᠷᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠵᠢᠴᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠠᠢ ᠬᠠᠮᠲᠤᠷᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ᠃ ᠠᠶᠢᠮᠠᠭ ᠬᠤᠲᠠ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠳᠤᠰᠤᠭᠰᠠᠨ ᠤ ᠳᠠᠷᠠᠭ᠎ᠠ ᠳᠠᠷᠤᠢ ᠳᠤ ᠨᠢ ᠬᠤᠷᠰᠢᠭᠰᠠᠨ ᠪᠠᠩᠬᠢ ᠲᠠᠢ ᠬᠠᠮᠲᠤᠷᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃ ᠠᠩᠬᠠᠨ ᠤ ᠬᠢᠨᠠᠯᠲᠠ ᠪᠠᠷ ᠳᠡᠮᠵᠢᠨ ᠵᠢᠭᠡᠯᠡᠯᠭᠡ ᠵᠢᠭᠡᠯᠡᠬᠦ ᠨᠥᠬᠦᠴᠡᠯ ᠳᠤ ᠨᠡᠶᠢᠴᠡᠭᠰᠡᠨ ᠪᠥᠭᠡᠳ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠵᠢᠭᠡᠯᠡᠯᠭᠡ ᠵᠢᠭᠡᠯᠡᠬᠦ ᠶᠢ ᠵᠥᠪᠰᠢᠶᠡᠷᠡᠭᠰᠡᠨ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠳᠤ 3 ᠡᠳᠦᠷ ᠤᠨ ᠳᠣᠲᠣᠷ᠎ᠠ ᠬᠢᠨᠠᠵᠤ ᠵᠢᠭᠡᠯᠡᠭᠦᠯᠬᠦ ᠵᠣᠭᠤᠰᠤᠨ ᠤ ᠲᠤᠭ᠎ᠠ ᠶᠢᠨ 10%᠎ ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠮᠡᠳᠡᠭᠳᠡᠵᠦ᠂ ᠬᠠᠷᠢᠶ᠎ᠠ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ 3 ᠡᠳᠦᠷ ᠤᠨ ᠳᠣᠲᠣᠷ᠎ᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠥᠩᠭᠦᠨ ᠤ 1:0.5᠎ ᠪᠠᠷ ᠲᠥᠬᠦᠷᠵᠢᠭᠦᠯᠬᠦ ᠶᠢ ᠮᠡᠳᠡᠭᠳᠡᠬᠦ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠣᠯᠣᠨ ᠬᠠᠷᠢᠶ᠎ᠠ ᠠᠶᠢᠮᠠᠭ ᠬᠤᠲᠠ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠪᠠᠨ ᠭᠦᠢᠴᠡᠳ ᠲᠤᠰᠢᠶᠠᠭᠰᠠᠨ ᠤ ᠳᠠᠷᠠᠭ᠎ᠠ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠵᠦ᠂ ᠳᠡᠮᠵᠢᠬᠦ ᠪᠠᠷ ᠪᠠᠶᠢᠭ᠎ᠠ ᠲᠥᠷᠥᠯ ᠵᠦᠢᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃

      ︵ᠭᠤᠷᠪᠠ︶ ᠵᠢᠭᠡᠯᠡᠯᠭᠡ ᠲᠠᠯᠪᠢᠬᠤ᠃

      1. ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠪᠠᠨ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠳᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠪᠠᠶᠢᠳᠠᠯ᠂ ᠬᠤᠯᠪᠣᠭᠳᠠᠬᠤ ᠠᠵᠤ ᠠᠬᠤᠶᠢᠯᠠᠯ ᠵᠢᠴᠢ ᠬᠤᠯᠪᠣᠭᠳᠠᠬᠤ ᠠᠷᠠᠯᠵᠢᠶᠠᠨ ᠤ ᠪᠠᠶᠢᠳᠠᠯ᠂ ᠥᠪᠡᠷ ᠤᠨ ᠬᠢᠨᠢ ᠪᠡᠯᠡ ᠮᠥᠩᠭᠦ ᠶᠢ ᠨᠢ ᠬᠢᠨᠠᠨ ᠬᠠᠷᠭᠤᠭᠤᠯᠬᠤ᠂ ᠲᠥᠭᠰᠢᠭᠦᠷᠢᠲᠦ ᠬᠥᠷᠥᠩᠭᠡ ᠶᠢᠨ ᠲᠤᠭ᠎ᠠ ᠬᠡᠮᠵᠢᠶ᠎ᠡ ᠶᠢ ᠲᠥᠰᠥᠭᠡᠯᠡᠨ ᠪᠤᠳᠤᠬᠤ᠂ ᠵᠢᠭᠡᠯᠡᠯᠭᠡ ᠶᠢᠨ ᠲᠥᠷᠥᠯ ᠵᠦᠢᠯ ᠤᠨ ᠪᠠᠶᠢᠳᠠᠯ ᠵᠢᠴᠢ ᠵᠣᠭᠤᠰ ᠢᠶᠠᠨ ᠲᠥᠯᠥᠬᠦ ᠲᠥᠰᠥᠯ ᠵᠡᠷᠭᠡ ᠠᠭᠤᠯᠭ᠎ᠠ ᠪᠠᠭᠲᠠᠬᠤ ᠪᠣᠯᠪᠠᠴᠤ ᠡᠳᠡᠭᠡᠷ ᠲᠤ ᠯᠠ ᠬᠢᠵᠠᠭᠠᠠᠷᠯᠠᠭᠳᠠᠬᠤ ᠦᠭᠡᠢ᠃

      2. ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ᠂ ᠬᠦᠦ ᠶᠢᠨ ᠨᠤᠷᠮ᠎ᠠ ᠬᠢᠭᠡᠳ ᠳᠠᠮ ᠬᠦᠦ᠃ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ ᠦᠭᠡᠢ᠂ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠡᠷᠦᠬᠡ ᠨᠢᠭᠡᠪᠦᠷᠢ ᠶᠢ 1 ᠳ᠋ᠥᠩᠰᠢᠭᠤᠷ ᠲᠥᠭᠦᠷᠢᠭ ᠠᠴᠠ ᠬᠡᠲᠦᠷᠡᠭᠦᠯᠬᠦ ᠦᠭᠡᠢ᠃ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠤᠰᠠᠳᠠ᠂ ᠬᠤᠷᠰᠢᠭᠰᠠᠨ ᠪᠠᠩᠬᠢ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠷᠠᠳ ᠤᠨ ᠪᠠᠩᠬᠢ ᠠᠴᠠ ᠨᠡᠶᠢᠲᠡᠯᠡᠭᠰᠡᠨ ᠲᠤᠰ ᠬᠤᠭᠤᠴᠠᠭᠠᠨ ᠤ LPR᠎ ᠤᠨ 50 %᠎ ᠪᠠᠷ ᠳᠠᠮ ᠬᠦᠦ ᠣᠯᠭᠤᠨ᠎ᠠ᠃

      3. ᠵᠢᠭᠡᠯᠡᠯᠭᠡ ᠲᠠᠯᠪᠢᠬᠤ᠃ ᠵᠢᠭᠡᠯᠡᠯᠭᠡ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠠᠵᠤ ᠠᠬᠤᠶᠢᠯᠠᠯ ᠯᠤᠭ᠎ᠠ ᠬᠠᠮᠢᠶ᠎ᠠ ᠪᠦᠬᠦᠢ ᠭᠡᠷ᠎ᠡ ᠲᠣᠭᠲᠠᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ᠂ ᠬᠡᠷᠡᠭᠴᠡᠭᠡ᠂ ᠵᠣᠭᠤᠰ ᠢᠶᠠᠨ ᠲᠥᠯᠥᠬᠦ ᠪᠠᠲᠤᠯᠠᠭ᠎ᠠ ᠵᠢᠴᠢ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠬᠤᠷᠰᠢᠭᠰᠠᠨ ᠪᠠᠩᠬᠢ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠵᠣᠭᠤᠰ ᠭᠠᠷᠭᠠᠵᠤ ᠠᠪᠬᠤ ᠨᠥᠬᠦᠴᠡᠯ ᠢ ᠬᠠᠩᠭᠠᠬᠤ ᠶᠢ ᠨᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠣᠯᠵᠣᠨ ᠲᠣᠭᠲᠠᠭᠰᠠᠨ ᠭᠡᠷ᠎ᠡ ᠶᠣᠰᠣᠭᠠᠷ ᠵᠢᠭᠡᠯᠡᠯᠭᠡ ᠪᠠᠨ ᠴᠠᠭ ᠲᠤᠬᠠᠢ ᠳᠤ ᠨᠢ ᠲᠠᠯᠪᠢᠵᠤ᠂ ᠵᠢᠭᠡᠯᠡᠯᠭᠡ ᠶᠢᠨ ᠪᠡᠯᠡ ᠮᠥᠩᠭᠦ ᠶᠢ ᠵᠢᠭᠡᠯᠡᠯᠭᠡ ᠶᠢᠨ ᠳᠠᠩᠰᠠᠨ ᠡᠷᠦᠭᠡ ᠳᠤ ᠣᠷᠣᠭᠤᠯᠤᠨ ᠲᠣᠭᠠᠴᠠᠭ᠎ᠠ ᠬᠢᠵᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠯᠤᠭ᠎ᠠ ᠵᠢᠭᠡᠯᠡᠯᠭᠡ ᠶᠢᠨ ᠳᠠᠩᠰᠡᠨ ᠡᠷᠦᠭᠡ ᠶᠢ ᠪᠦᠬᠦ ᠶᠠᠪᠤᠴᠠ ᠳᠤ ᠨᠢ ᠬᠢᠨᠠᠨ ᠡᠵᠡᠮᠳᠡᠬᠦ ᠬᠡᠷᠡᠭᠲᠡᠢ᠃

      ᠲᠠᠪᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ

      ︵ᠨᠢᠭᠡ︶ ᠪᠥᠬᠦ ᠴᠤᠪᠤᠷᠠᠯ ᠳᠤ ᠴᠥᠷᠬᠡᠯᠡᠨ ᠬᠠᠮᠢᠶᠠᠷᠬᠤ᠃

      1. ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠯᠤᠭ᠎ᠠ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠬᠤᠷᠰᠢᠭᠰᠠᠨ ᠪᠠᠩᠬᠢ ᠳᠤ ᠵᠢᠭᠡᠯᠡᠯᠭᠡ ᠶᠢᠨ ᠳᠠᠩᠰᠠᠨ ᠡᠷᠦᠬᠡ᠂ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠡᠨ ᠡᠷᠦᠬᠡ ᠨᠡᠭᠡᠭᠡᠵᠦ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠡᠷᠬᠡ ᠣᠯᠭᠤᠯᠲᠠ ᠶᠢ ᠣᠯᠣᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠳᠠᠩᠰᠠᠨ ᠡᠷᠦᠬᠡ ᠪᠠᠨ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠳᠤ ᠣᠷᠣᠭᠤᠯᠵᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠪᠠᠨ ᠪᠡᠶᠡᠯᠡᠭᠦᠯᠦᠨ᠎ᠡ᠃

      2. ᠬᠠᠳᠠᠭᠠᠯᠠᠭᠰᠠᠨ ᠪᠠᠷᠠᠭ᠎ᠠ ᠶᠢᠨ ᠬᠠᠮᠢᠶᠠᠷᠤᠯᠲᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠬᠠᠮᠲᠤᠷᠠᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠯᠤᠭ᠎ᠠ ︽ᠬᠠᠳᠠᠭᠠᠯᠠᠭᠰᠠᠨ ᠪᠠᠷᠠᠭ᠎ᠠ ᠶᠢ ᠨᠠᠶᠢᠳᠠᠵᠤ ᠬᠢᠨᠠᠨ ᠬᠠᠮᠢᠶᠠᠷᠤᠭᠤᠯᠬᠤ ᠵᠥᠪᠯᠡᠯᠴᠡᠭᠡᠷ︾ ᠲᠣᠭᠲᠠᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠭᠡᠳ ᠪᠤᠢ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ 24 ᠴᠠᠭ ᠲᠠᠰᠤᠯᠳᠠᠭᠤᠯᠤᠯ ᠦᠭᠡᠢ ᠪᠠᠷ ᠬᠢᠨᠠᠨ ᠡᠵᠡᠮᠳᠡᠵᠦ ᠬᠠᠮᠢᠶᠠᠷᠤᠨ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠵᠢᠴᠢ ᠪᠣᠯᠵᠣᠭᠰᠠᠨ ᠠᠴᠠ ᠵᠥᠷᠢᠴᠡᠬᠦ ᠵᠦᠢᠯ ᠵᠤᠷᠪᠤᠰ ᠤᠳ ᠢ ᠴᠥᠮ ᠳᠡᠭᠡᠷ᠎ᠡ ᠳᠤᠷᠠᠳᠤᠭᠰᠠᠨ ᠵᠥᠪᠯᠡᠯᠴᠡᠭᠡᠷ ᠲᠤ ᠨᠠᠷᠢᠨ ᠪᠣᠯᠵᠣᠨ ᠲᠣᠭᠲᠠᠬᠤ ᠬᠡᠷᠡᠭᠲᠡᠢ᠂ ᠡᠭᠦᠨ ᠳᠤ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠳᠤ ᠳᠣᠣᠷᠠᠬᠢ ᠬᠡᠳᠦᠨ ᠲᠠᠯ᠎ᠠ ᠪᠠᠭᠲᠠᠬᠤ ᠪᠣᠯᠪᠠᠴᠤ ᠡᠳᠡᠭᠡᠷ ᠲᠤ ᠯᠡ ᠬᠢᠵᠠᠭᠠᠷᠯᠠᠭᠳᠠᠬᠤ ᠦᠭᠡᠢ᠄

      ︵1︶ ᠬᠠᠳᠠᠭᠠᠯᠠᠭᠰᠠᠨ ᠪᠠᠷᠠᠭ᠎ᠠ ᠶᠢ ᠬᠠᠷᠭᠤᠭᠤᠯᠤᠨ ᠪᠠᠶᠢᠴᠠᠭᠠᠬᠤ᠃ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠳᠠᠭᠤᠰᠤᠭᠰᠠᠨ ᠤ ᠳᠠᠷᠠᠭ᠎ᠠ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠠᠳᠠᠭᠠᠯᠠᠭᠰᠠᠨ ᠪᠠᠷᠠᠭᠠᠨ ᠤ ᠬᠢᠨᠢ ᠪᠠᠶᠢᠳᠠᠯ ᠳᠤ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠲᠡᠮᠳᠡᠭ ᠲᠠᠯᠪᠢᠵᠤ᠂ ᠬᠠᠳᠠᠭᠠᠯᠠᠭᠰᠠᠨ ᠪᠠᠷᠠᠭ᠎ᠠ ᠪᠠ ᠵᠢᠭᠡᠯᠡᠯᠭᠡ ᠶᠢᠨ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠨᠢᠭᠲᠠᠯᠠᠨ ᠪᠤᠳᠤᠬᠤ ᠲᠠᠩᠰᠠ᠂ ᠬᠥᠮᠥᠷᠭᠡᠯᠡᠨ ᠬᠠᠳᠠᠭᠠᠯᠠᠨ ᠬᠠᠮᠢᠶᠠᠷᠴᠤ ᠪᠠᠶᠢᠭ᠎ᠠ ᠲᠠᠩᠰᠠ ᠬᠠᠷ᠎ᠠ ᠪᠠ ᠲᠤᠭ᠎ᠠ ᠪᠦᠷᠢᠳᠬᠡᠯ ᠤᠨ ᠲᠠᠩᠰᠠ ᠶᠢ ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠪᠠ ᠵᠢᠭᠡᠯᠡᠯᠭᠡ ᠨᠢ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃

      ︵2︶ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ᠃ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ ᠳᠤ ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠪᠠ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠠᠯ ᠢ ᠠᠪᠤᠨ᠎ᠠ᠃

      ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠭᠡᠳ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠪᠦᠭᠦᠨ ᠢᠶᠠᠷ ᠨᠢ ᠬᠠᠷᠭᠤᠭᠤᠯᠤᠨ ᠪᠠᠶᠢᠴᠠᠭᠠᠬᠤ ᠬᠡᠪᠴᠢᠶᠡᠨ ᠳᠤ ᠪᠠᠨ ᠣᠷᠣᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠳᠠᠭᠠᠯᠠᠭᠰᠠᠨ ᠪᠠᠷᠠᠭᠠᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠥᠪᠡᠷ ᠤᠨ ᠥᠷᠲᠡᠭ ᠵᠢᠴᠢ ᠬᠤᠪᠢᠷᠠᠯᠲᠠ ᠶᠢᠨ ᠪᠠᠶᠢᠳᠠᠯ ᠢ ᠨᠢ ᠡᠵᠡᠮᠰᠢᠬᠦ ᠬᠡᠷᠡᠭᠲᠡᠢ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠤ ᠬᠠᠳᠠᠭᠠᠯᠠᠭᠰᠠᠨ ᠪᠠᠷᠠᠭ᠎ᠠ ᠳᠤ ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠬᠢᠵᠦ᠂ ᠭᠠᠷᠠᠭ ᠪᠦᠷᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ ᠪᠠᠩᠬᠢ ᠳᠤ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠪᠠᠨ ᠮᠡᠳᠡᠭᠦᠯᠦᠨ ᠬᠦᠷᠭᠡᠵᠦ᠂ ᠬᠠᠳᠠᠭᠠᠯᠠᠭᠰᠠᠨ ᠪᠠᠷᠠᠭ᠎ᠠ ᠶᠢᠨ ᠲᠤᠬᠠᠢ ᠶᠢᠨ ᠴᠠᠭ ᠤᠨ ᠬᠤᠪᠢᠷᠠᠯᠲᠠ ᠶᠢᠨ ᠪᠠᠶᠢᠳᠠᠯ ᠢ ᠳᠠᠩᠰᠠᠯᠠᠨ ᠲᠡᠮᠳᠡᠭᠯᠡᠬᠦ ᠠᠵᠢᠯ ᠢᠶᠠᠨ ᠰᠠᠶᠢᠲᠤᠷ ᠬᠢᠵᠦ᠂ ᠬᠡᠪ ᠤᠨ ᠪᠤᠰᠤ ᠪᠠᠶᠢᠳᠠᠯ ᠵᠡᠷᠭᠡ ᠴᠢᠬᠤᠯᠠ ᠶᠡᠭᠡ ᠵᠦᠢᠯᠡᠰ ᠢ ᠣᠯᠵᠤ ᠮᠡᠳᠡᠪᠡᠯ᠂ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃

       ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠨᠢᠭᠲᠠᠯᠠᠨ ᠪᠣᠳᠣᠬᠤ᠂ ᠲᠤᠭ᠎ᠠ ᠪᠦᠷᠢᠳᠬᠡᠯ᠂ ᠬᠠᠳᠠᠭᠠᠯᠠᠨ ᠬᠠᠮᠢᠶᠠᠷᠬᠤ ᠳᠠᠩᠰᠠ ᠬᠠᠷ᠎ᠠ ᠪᠠ ᠥᠪᠡᠷ ᠤᠨ ᠬᠢᠨ ᠪᠦᠷᠢᠳᠬᠡᠭᠰᠡᠨ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠤ᠂ ᠪᠣᠳᠠᠲᠠᠢ ᠬᠠᠳᠠᠭᠠᠯᠠᠭᠰᠠᠨ ᠪᠠᠷᠠᠭ᠎ᠠ ᠶᠢ ᠬᠤᠷᠰᠢᠭᠰᠠᠨ ᠪᠠᠩᠬᠢ ᠯᠤᠭ᠎ᠠ ᠬᠠᠷᠭᠤᠭᠤᠯᠵᠤ᠂ ᠪᠠᠩᠬᠢ ᠪᠠ ᠠᠵᠤ ᠠᠬᠤᠶᠢᠯᠠᠯ ᠤᠨ ᠳᠠᠩᠰᠠ ᠪᠦᠷᠢ ᠨᠢ ᠬᠠᠷᠢᠯᠴᠠᠨ ᠨᠡᠶᠢᠴᠡᠬᠦ᠂ ᠠᠵᠤ ᠠᠬᠤᠶᠢᠯᠠᠯ ᠤᠨ ᠳᠠᠩᠰᠠ ᠨᠢ ᠪᠣᠳᠠᠲᠠᠢ ᠲᠠᠢ ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃

      3. ᠪᠤᠴᠠᠭᠠᠨ ᠬᠤᠷᠢᠶᠠᠬᠤ ᠬᠠᠮᠢᠶᠠᠷᠤᠯᠲᠠ᠃

      ︵1︶ ᠬᠤᠳᠠᠯᠳᠤᠬᠤ ᠳᠤ ᠪᠠᠨ ᠨᠡᠪᠲᠡᠷᠡᠭᠦᠯᠦᠨ ᠮᠡᠳᠡᠭᠡᠯᠡᠬᠦ᠃ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠬᠤᠳᠠᠯᠳᠤᠬᠤ ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ ᠪᠠᠩᠬᠢ ᠳᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠂ ᠨᠡᠪᠲᠡᠷᠡᠭᠦᠯᠦᠨ ᠮᠡᠳᠡᠭᠡᠯᠡᠬᠦ ᠪᠣᠳᠠᠲᠠᠢ ᠠᠷᠭ᠎ᠠ ᠮᠠᠶ᠋ᠢᠭ ᠢᠶᠠᠨ ᠭᠤᠷᠪᠠᠨ ᠪᠠᠶᠢᠭᠤᠯᠤᠮᠵᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠢ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠩᠭᠠᠭᠰᠠᠨ ᠪᠣᠷᠣᠯᠠᠭᠤᠯᠬᠤ ᠮᠡᠳᠡᠭᠡ ᠵᠠᠩᠭᠢ ᠪᠠᠷ᠂ ᠬᠠᠳᠠᠭᠠᠯᠠᠭᠰᠠᠨ ᠪᠠᠷᠠᠭ᠎ᠠ ᠶᠢᠨ ᠲᠡᠮᠳᠡᠭ ᠢ ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠶᠢᠨ ᠪᠣᠷᠤᠯᠠᠭᠤᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃

      ︵2︶ ᠳ᠋ᠦᠩᠨᠡᠨ ᠪᠤᠳᠤᠵᠤ ᠡᠭᠡᠭᠦᠯᠦᠨ ᠬᠤᠷᠢᠶᠠᠬᠤ᠃ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠪᠣᠷᠣᠯᠠᠭᠤᠯᠬᠤ ᠳᠤ ᠬᠤᠷᠰᠢᠭᠰᠠᠨ ᠪᠠᠩᠬᠢ ᠶᠢᠨ ᠨᠡᠭᠡᠭᠡᠭᠰᠡᠨ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠠᠨ ᠡᠷᠦᠬᠡ ᠶᠢ ᠬᠡᠷᠡᠭᠯᠡᠨ ᠳ᠋ᠦᠩᠨᠡᠨ ᠪᠣᠳᠣᠵᠣ᠂ ᠪᠡᠯᠡ ᠮᠥᠩᠭᠦᠨ ᠶᠢᠨ ᠲᠤᠰᠬᠠᠢ ᠵᠣᠭᠤᠰ ᠢ ᠲᠤᠰᠬᠠᠢ ᠬᠡᠷᠡᠭᠯᠡᠵᠦ᠂ ᠠᠶᠤᠯ ᠦᠭᠡᠢ ᠪᠠᠷ ᠡᠭᠡᠭᠦᠯᠦᠨ ᠬᠤᠷᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠨ ᠬᠤᠳᠠᠯᠳᠤᠭᠠᠳ ᠬᠠᠳᠠᠭᠠᠯᠠᠯᠲᠠ ᠶᠢᠨ ᠪᠠᠷᠠᠭ᠎ᠠ ᠪᠣᠢ ᠪᠣᠯᠤᠭᠰᠠᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠡᠬᠡ ᠮᠥᠩᠭᠦ ᠪᠠᠨ ᠴᠠᠭ ᠲᠤᠬᠠᠢ ᠳᠤ ᠨᠢ ᠪᠤᠴᠠᠭᠠᠨ ᠠᠪᠬᠤ ᠬᠡᠷᠡᠭᠲᠡᠢ᠃ ᠵᠢᠭᠡᠯᠡᠯᠭᠡ ᠶᠢᠨ ᠡᠬᠡ ᠮᠥᠩᠭᠦ ᠪᠠᠨ ᠪᠦᠷᠢᠮᠦᠰᠦᠨ ᠡᠭᠡᠭᠦᠯᠵᠦ ᠬᠤᠷᠢᠶᠠᠬᠤ ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠵᠦ ᠪᠡᠯᠡ ᠮᠥᠩᠭᠦ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠨᠡᠭᠡᠭᠡᠬᠦ ᠵᠢᠴᠢ ᠵᠣᠭᠤᠰ ᠢᠶᠠᠨ ᠴᠠᠭ ᠲᠤ ᠪᠠᠨ ᠪᠤᠴᠠᠭᠠᠭᠰᠠᠨ ᠦᠭᠡᠢ ᠪᠠᠶᠢᠬᠤ ᠶᠢ ᠣᠯᠵᠤ ᠮᠡᠳᠡᠪᠡᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ᠂ ᠲᠡᠭᠦᠨ ᠢ ᠠᠵᠤ ᠠᠬᠤᠶᠢᠯᠠᠯ ᠤᠨ ︽ᠬᠠᠷ᠎ᠠ ᠳᠠᠩᠰᠡᠨ︾᠎ ᠳᠤ ᠵᠢᠭᠰᠠᠭᠠᠨ ᠣᠷᠣᠭᠤᠯᠬᠤ ᠶᠢᠨ ᠬᠠᠮᠲᠤ᠂ ︽ᠬᠠᠷ᠎ᠠ ᠳᠠᠩᠰᠠ︾᠎ ᠶᠢᠨ ᠪᠠᠶᠢᠳᠠᠯ ᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠤᠶᠢᠰᠢᠳᠠ ᠡᠯ᠎ᠡ ᠵᠦᠢᠯ ᠤᠨ ᠡᠳ᠋ ᠤᠨ ᠵᠠᠰᠠᠭ ᠤᠨ ᠲᠡᠳᠬᠦᠮᠵᠢ ᠶᠢᠨ ᠪᠡᠯᠡ ᠮᠥᠩᠭᠦ ᠶᠢ ᠬᠦᠷᠲᠡᠵᠦ ᠪᠣᠯᠬᠤ ᠦᠭᠡᠢ᠃

      ︵ᠬᠤᠶᠠᠷ︶ ᠬᠤᠭᠤᠴᠠᠭ᠎ᠠ ᠬᠡᠲᠦᠷᠡᠬᠦ᠂ ᠣᠷᠣᠯᠠᠨ ᠲᠥᠯᠥᠬᠦ ᠪᠠ ᠨᠡᠬᠡᠮᠵᠢᠯᠡᠨ ᠠᠪᠬᠤ᠃ ᠵᠢᠭᠡᠯᠡᠯᠭᠡ ᠶᠢᠨ ᠬᠤᠭᠤᠴᠠᠭ᠎ᠠ ᠲᠤᠯᠬᠤ ᠠᠴᠠ 60 ᠡᠳᠦᠷ ᠤᠨ ᠡᠮᠦᠨ᠎ᠡ᠂ ᠬᠤᠷᠰᠢᠭᠰᠠᠨ ᠪᠠᠩᠬᠢ ᠪᠣᠯᠣᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠳᠤ ᠵᠣᠭᠤᠰ ᠢᠶᠠᠨ ᠪᠤᠴᠠᠭᠠᠬᠤ ᠡᠭᠦᠷᠭᠡ ᠪᠠᠨ ᠴᠠᠭ ᠲᠤ ᠪᠠᠨ ᠭᠦᠢᠴᠡᠳᠬᠡᠬᠦ ᠶᠢ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ ᠠᠵᠤ ᠠᠬᠤᠶᠢᠯᠠᠯ ᠤᠨ ᠵᠢᠭᠡᠯᠡᠯᠭᠡ ᠨᠢ ᠬᠤᠭᠤᠴᠠᠭ᠎ᠠ ᠠᠴᠠ ᠬᠡᠲᠦᠷᠡᠬᠦ ᠦᠶ᠎ᠡ ᠳᠤ᠂ ᠬᠤᠷᠰᠢᠭᠰᠠᠨ ᠪᠠᠩᠬᠢ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠲᠠᠰᠤ ᠪᠠᠷ ᠮᠡᠳᠡᠭᠳᠡᠬᠦ᠂ ᠪᠣᠳᠠᠲᠠᠢ ᠭᠠᠵᠠᠷ ᠲᠤ ᠨᠢ ᠬᠦᠷᠴᠦ ᠨᠡᠬᠡᠮᠵᠢᠯᠡᠨ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠵᠣᠭᠤᠰ ᠢᠶᠠᠨ ᠲᠦᠷᠭᠡᠬᠡᠨ ᠪᠤᠴᠠᠭᠠᠬᠤ ᠪᠠᠷ ᠰᠢᠮᠳᠠᠭᠤᠯᠵᠤ᠂ ᠣᠯᠠᠨ ᠤᠳᠠᠭ᠎ᠠ ᠨᠡᠬᠡᠮᠵᠢᠯᠡᠨ ᠬᠤᠷᠢᠶᠠᠭᠰᠠᠨ ᠳᠤ ᠳ᠋ᠦᠩ ᠭᠠᠷᠤᠭᠰᠠᠨ ᠦᠭᠡᠢ ᠮᠥᠷᠲᠡᠭᠡᠨ 3 ᠰᠠᠷ᠎ᠠ ᠠᠴᠠ ᠳᠡᠭᠡᠭᠰᠢ ᠬᠤᠭᠤᠴᠠᠭ᠎ᠠ ᠬᠡᠲᠦᠷᠡᠭᠰᠡᠨ ᠪᠠᠶᠢᠪᠠᠯ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ᠂ ᠬᠥᠲᠥᠯᠥᠨ ᠵᠢᠯᠤᠭᠤᠳᠬᠤ ᠪᠡᠯᠡ ᠮᠥᠩᠭᠦ ᠶᠢ ᠨᠢ ᠬᠤᠪᠢᠶᠠᠷᠢᠯᠠᠨ ᠰᠠᠭᠤᠯᠭᠠᠬᠤ ᠲᠠᠰ ᠳᠠᠷᠠᠭᠠᠯᠠᠯ ᠳᠤ ᠣᠷᠣᠭᠤᠯᠤᠨ᠎ᠠ᠃ ᠡᠩ ᠲᠡᠷᠢᠭᠦᠨ ᠳᠤ ᠠᠵᠤ ᠠᠬᠤᠶᠢᠯᠠᠯ ᠪᠣᠯᠣᠨ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠦᠦ ᠮᠥᠩᠭᠦ ᠶᠢᠨ ᠣᠷᠣᠯᠭ᠎ᠠ ᠶᠢ ᠰᠠᠭᠤᠯᠭᠠᠨ ᠠᠪᠴᠤ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ ᠡᠬᠡ ᠬᠦᠦ ᠮᠥᠩᠭᠦ ᠶᠢ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ ᠢ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ︶ ᠪᠣᠯᠣᠨ ᠬᠤᠷᠰᠢᠭᠰᠠᠨ ᠪᠠᠩᠬᠢ 7:3᠎ ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃ ᠬᠤᠷᠰᠢᠭᠰᠠᠨ ᠪᠠᠩᠬᠢ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠨᠡᠬᠡᠮᠵᠢᠯᠡᠨ ᠲᠥᠯᠥᠭᠦᠯᠬᠦ ᠠᠵᠢᠯ ᠢ ᠰᠠᠶᠢᠲᠤᠷ ᠬᠢᠵᠦ᠂ ᠲᠥᠯᠥᠪᠦᠷᠢ ᠶᠢ ᠨᠡᠬᠡᠮᠵᠢᠯᠡᠭᠡᠳ ᠳ᠋ᠦᠩ ᠭᠠᠷᠤᠭᠰᠠᠨ ᠦᠭᠡᠢ ᠪᠣᠯ ᠴᠠᠭ ᠲᠤᠬᠠᠢ ᠳᠤ ᠨᠢ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠵᠠᠷᠭᠤ ᠬᠢᠬᠦ ᠬᠡᠷᠡᠭᠲᠡᠢ᠂ ᠡᠨᠡ ᠬᠦ ᠬᠤᠭᠤᠴᠠᠭᠠᠨ ᠳᠤ ᠡᠭᠦᠰᠣᠭ᠍ᠰᠡᠨ ᠵᠠᠷᠭᠤ ᠶᠢᠨ ᠵᠠᠷᠤᠳᠠᠯ᠂ ᠭᠦᠢᠴᠡᠳᠬᠡᠬᠦ ᠵᠠᠷᠤᠳᠠᠯ᠂ ᠦᠨᠡᠯᠡᠨ ᠵᠢᠱᠢᠬᠦ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠲᠦᠭᠰᠢᠭᠦᠷᠢ ᠶᠢ ᠳᠠᠭᠠᠭᠠᠨ ᠡᠭᠦᠷᠭᠡᠯᠡᠬᠦ ᠬᠠᠷᠢᠴᠠᠯ ᠶᠣᠰᠣᠭᠠᠷ ᠲᠡᠰᠬᠡᠨ ᠨᠣᠭᠳᠠᠭᠤᠯᠬᠤ ᠬᠡᠷᠡᠭᠲᠡᠢ᠃

      ︵ᠭᠤᠷᠪᠠ︶ ᠬᠥᠲᠥᠯᠥᠨ ᠵᠢᠯᠤᠭᠤᠳᠬᠤ ᠪᠡᠯᠡ ᠮᠥᠩᠭᠦᠨ ᠤ ᠲᠦᠭᠰᠢᠭᠦᠷᠢ ᠶᠢ ᠰᠡᠷᠡᠮᠵᠢᠯᠡᠭᠦᠯᠬᠦ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠷ᠎ᠠ ᠪᠦᠷᠢ ᠬᠤᠷᠰᠢᠭᠰᠠᠨ ᠪᠠᠩᠬᠢ ᠯᠤᠭ᠎ᠠ ᠲᠦᠭᠰᠢᠭᠦᠷᠢ ᠶᠢ ᠣᠷᠣᠯᠠᠨ ᠲᠥᠯᠥᠬᠦ ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠬᠠᠷᠭᠤᠭᠤᠯᠬᠤ ᠶᠢᠨ ᠬᠠᠮᠲᠤ᠂ ᠬᠡᠷᠡᠭᠯᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ᠂ ᠵᠡᠷᠭᠡ ᠳᠤ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠪᠣᠳᠠᠲᠠᠢ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠦᠭᠰᠢᠭᠦᠷᠢ ᠳᠤ ᠬᠢᠨᠠᠨ ᠰᠢᠨᠵᠢᠯᠲᠡ ᠬᠢᠵᠦ᠂ ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠣᠷᠣᠯᠠᠨ ᠲᠥᠯᠥᠭᠰᠡᠨ ᠨᠣᠷᠮ᠎ᠠ ᠶᠢᠨ ᠨᠡᠶᠢᠯᠡᠪᠦᠷᠢ ᠨᠢ 3%᠎ ᠠᠴᠠ ᠳᠡᠭᠡᠭᠰᠢ ᠪᠣᠯᠬᠤ ᠦᠶ᠎ᠡ ᠳᠤ ︵ᠲᠤᠰ ᠵᠢᠯ ᠣᠷᠣᠯᠠᠨ ᠲᠥᠯᠥᠭᠰᠡᠨ ᠲᠤᠭ᠎ᠠ ᠶᠢᠨ ᠨᠡᠶᠢᠯᠡᠪᠦᠷᠢ / ᠲᠤᠰ ᠵᠢᠯ ᠪᠤᠴᠠᠭᠠᠭᠰᠠᠨ ᠵᠣᠭᠤᠰᠤᠨ ᠤ ᠲᠤᠭ᠎ᠠ ᠶᠢᠨ ᠨᠡᠶᠢᠯᠡᠪᠦᠷᠢ × 100 %︶᠂ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠶᠢᠨ ᠲᠤᠬᠠᠶᠢᠯᠠᠭᠰᠠᠨ ᠠᠵᠢᠯ ᠠᠴᠠ ᠭᠠᠳᠠᠨ᠎ᠠ᠂ ᠰᠢᠨ᠎ᠡ ᠪᠠᠷ ᠨᠡᠮᠡᠭᠳᠡᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃ ᠬᠤᠷᠰᠢᠭᠰᠠᠨ ᠪᠠᠩᠬᠢ ᠪᠣᠯᠣᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠢᠭᠡᠨᠲᠡ ᠡᠭᠦᠰᠦᠭᠰᠡᠨ ᠡᠷᠡᠭᠦᠯ ᠪᠤᠰᠤ ᠵᠢᠭᠡᠯᠡᠯᠭᠡ ᠶᠢ ᠨᠡᠬᠡᠮᠵᠢᠯᠡᠨ ᠲᠥᠯᠥᠭᠦᠯᠬᠦ ᠬᠠᠷᠢᠭᠤᠴᠠᠯᠭ᠎ᠠ ᠪᠠᠨ ᠡᠷᠬᠡᠪᠰᠢ ᠦᠷᠭᠦᠯᠵᠢᠯᠡᠨ ᠭᠦᠢᠴᠡᠳᠬᠡᠵᠦ᠂ ᠣᠷᠣᠯᠠᠨ ᠲᠥᠯᠥᠬᠦ ᠨᠣᠷᠮ᠎ᠠ ᠨᠢ ᠰᠡᠷᠡᠮᠵᠢᠯᠡᠭᠦᠯᠬᠦ ᠱᠤᠭᠤᠮ ᠠᠴᠠ ᠳᠣᠣᠷ᠎ᠠ ᠪᠣᠯᠤᠭᠰᠠᠨ ᠤ ᠳᠠᠷᠠᠭ᠎ᠠ᠂ ᠲᠤᠬᠠᠶᠢᠯᠠᠭᠰᠠᠨ ᠠᠵᠢᠯ ᠢᠶᠠᠨ ᠳᠠᠬᠢᠵᠤ ᠥᠷᠨᠢᠭᠦᠯᠵᠦ ᠪᠣᠯᠣᠨ᠎ᠠ᠃

      ︵ᠳᠥᠷᠪᠡ︶ ᠠᠯᠳᠠᠰᠢ ᠶᠢ ᠠᠭᠤᠴᠢᠯᠠᠵᠤ ᠵᠠᠯᠠᠷᠠᠭᠤᠯᠬᠤ᠃ ᠠᠵᠢᠯ ᠳᠤᠮᠳᠠ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠢ ᠨᠡᠶᠢᠴᠡᠬᠦ ᠦᠢᠯᠡ ᠠᠵᠢᠯᠯᠠᠭ᠎ᠠ ᠢᠯᠡᠷᠡᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠳᠠᠰᠢ ᠶᠢ ᠨᠢ ᠠᠭᠤᠴᠢᠯᠠᠨ ᠰᠢᠢᠳᠪᠦᠷᠢᠯᠡᠵᠦ ᠪᠣᠯᠣᠨ᠎ᠠ᠄

      1. ᠠᠵᠤ ᠠᠬᠤᠶᠢᠯᠠᠯ ᠨᠢ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠢ ᠭᠠᠮᠰᠢᠭ ᠪᠤᠶᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠴᠠ ᠪᠣᠯᠵᠤ ᠲᠥᠷᠥᠯ ᠵᠦᠢᠯ ᠤᠨ ᠠᠬᠢᠯᠲᠠ ᠪᠠ ᠬᠡᠷᠡᠭᠵᠢᠭᠦᠯᠬᠦ ᠶᠢᠨ ᠦᠷ᠎ᠡ ᠳ᠋ᠦᠩ ᠢ ᠨᠥᠯᠥᠭᠡᠯᠡᠭᠰᠡᠨ︔

      2. ᠬᠠᠷᠢᠭᠤᠴᠠᠯᠭᠠᠲᠤ ᠰᠠᠯᠠᠭ᠎ᠠ ᠮᠥᠴᠢᠷ ᠨᠢ ᠲᠥᠷᠥᠯ ᠵᠦᠢᠯ ᠢ ᠠᠬᠢᠭᠤᠯᠬᠤ ᠶᠠᠪᠤᠴᠠ ᠳᠤ᠂ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠢ ᠦᠭᠡᠢ᠂ ᠤᠷᠢᠳ ᠢᠶᠠᠷ ᠬᠡᠷᠡᠭᠵᠢᠭᠦᠯᠵᠦ ᠲᠤᠷᠰᠢᠭᠰᠠᠨ᠂ ᠲᠤᠷᠰᠢᠯᠭ᠎ᠠ ᠳᠤᠲᠠᠮᠠᠭ ᠠᠴᠠ ᠪᠣᠯᠵᠤ᠂ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠬᠦᠷᠭᠡᠭᠰᠡᠨ ᠦᠭᠡᠢ︔

      3. ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠵᠤ ᠠᠬᠤᠶᠢᠯᠠᠯ ᠳᠤ ᠦᠢᠯᠡᠴᠢᠯᠡᠬᠦ ᠳᠤᠮᠳᠠ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢᠨ ᠲᠥᠯᠥᠭᠡ ᠵᠣᠬᠢᠬᠤ ᠬᠡᠮᠵᠢᠶᠡᠨ ᠤ ᠦ ᠰᠡᠪ ᠭᠠᠷᠭᠠᠭᠰᠠᠨ ᠪᠣᠯᠪᠠᠴᠤ ᠬᠤᠬᠢᠷᠠᠯ ᠤᠴᠠᠷᠠᠭᠤᠯᠤᠭᠰᠠᠨ ᠦᠭᠡᠢ︔

      4. ᠬᠠᠷᠢᠭᠤᠴᠠᠯᠭᠠᠲᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠢ ᠦᠭᠡᠢ ᠠᠴᠠ ᠪᠣᠯᠵᠤ᠂ ᠪᠤᠰᠤᠳᠴᠢ ᠨᠥᠬᠦᠴᠡᠯ ᠳᠤ ᠬᠢᠵᠠᠭᠠᠷᠯᠠᠭᠳᠠᠵᠤ᠂ ᠬᠡᠷᠡᠭᠵᠢᠭᠦᠯᠬᠦ ᠶᠢᠨ ᠦᠷ᠎ᠡ ᠳ᠋ᠦᠩ ᠢ ᠨᠥᠯᠥᠭᠡᠯᠡᠭᠰᠡᠨ︔

      5. ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠨᠢ ᠨᠢᠭᠡᠳᠦᠯ ᠦᠭᠡᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠨᠢ ᠲᠣᠳᠣᠷᠬᠠᠢ ᠦᠭᠡᠢ᠂ ᠡᠰᠡᠬᠦᠯ᠎ᠡ ᠬᠠᠤᠯᠢ ᠬᠡᠷᠡᠭᠵᠢᠭᠦᠯᠵᠦ ᠬᠢᠨᠠᠵᠤ ᠬᠠᠮᠢᠶᠠᠷᠬᠤ ᠶᠢᠨ ᠬᠤᠭᠤᠰᠤᠨ ᠵᠦᠢᠯ ᠳᠤ ᠬᠠᠷᠢᠶᠠᠯᠠᠭᠳᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠵᠤ᠂ ᠠᠰᠠᠭᠤᠳᠠᠯ ᠢ ᠰᠢᠢᠳᠪᠦᠷᠢᠯᠡᠨ᠂ ᠬᠤᠬᠢᠷᠠᠯ ᠤᠴᠠᠷᠠᠭᠤᠯᠤᠭᠰᠠᠨ ᠦᠭᠡᠢ︔

      6. ᠠᠯᠳᠠᠰᠢ ᠶᠢ ᠨᠢ ᠠᠭᠤᠴᠢᠯᠠᠬᠤ ᠪᠤᠰᠤᠳ ᠪᠠᠶᠢᠳᠠᠯ ᠳᠤ ᠨᠡᠶᠢᠴᠡᠬᠦ᠃

      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ

      ︵ᠨᠢᠭᠡ︶ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠢ᠃

      ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠥᠲᠥᠯᠥᠨ ᠵᠢᠯᠤᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ ᠤ ᠲᠥᠰᠥᠪ ᠤᠨ ᠲᠣᠬᠢᠷᠠᠭᠤᠯᠤᠯᠲᠠ᠂ ᠪᠡᠯᠡ ᠮᠥᠩᠭᠦ ᠰᠠᠯᠭᠠᠨ ᠥᠭᠬᠦ ᠪᠠ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠲᠠ ﹇ᠬᠤᠰᠢᠭᠤ ᠰᠢᠶᠠᠨ ︵ᠬᠤᠲᠠ᠂ ᠲᠣᠭᠤᠷᠢᠭ︶﹈᠎ ᠶᠢᠨ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠵᠣᠭᠤᠰᠤᠨ ᠤ ᠲᠤᠭ᠎ᠠ ᠪᠠᠷ ᠢᠵᠢ ᠪᠦᠷᠢᠳᠦᠭᠦᠯᠬᠦ ᠪᠡᠯᠡ ᠮᠥᠩᠭᠦ ᠶᠢᠨ ᠲᠥᠰᠥᠪ ᠤᠨ ᠲᠣᠬᠢᠷᠠᠭᠤᠯᠤᠯᠲᠠ ᠵᠢᠴᠢ ᠰᠠᠯᠭᠠᠨ ᠥᠭᠬᠦ ᠠᠵᠢᠯ ᠢ ᠰᠠᠶᠢᠲᠤᠷ ᠬᠢᠬᠦ ᠬᠡᠷᠡᠭᠲᠡᠢ᠃

      ︵ᠭᠤᠷᠪᠠ︶ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠬᠥᠲᠥᠴᠢ ᠠᠵᠤ ᠠᠬᠤᠶᠢᠯᠠᠯ ᠤᠨ ᠨᠡᠷᠡᠰ ᠢ ᠪᠠᠶᠢᠭᠤᠯᠬᠤ᠂ ᠬᠠᠮᠢᠶᠠᠷᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠪᠠ ᠮᠡᠳᠡᠭᠡ ᠵᠠᠩᠭᠢ ᠳᠠᠮᠵᠢᠭᠤᠯᠤᠨ ᠬᠦᠷᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠠᠵᠤ ᠠᠬᠤᠶᠢᠯᠠᠯ ᠤᠨ ︽ᠬᠠᠷ᠎ᠠ ᠳᠠᠩᠰᠠ︾᠎ ᠶᠢᠨ ᠳᠦᠷᠢᠮ ᠢ ᠪᠠᠶᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠪᠠᠶᠢᠭᠤᠯᠬᠤ᠂ ᠮᠠᠭᠤ ᠤᠬᠠᠭᠠᠯᠠᠵᠤ ᠥᠷᠢ ᠥᠭᠴᠡᠭᠡ ᠠᠴᠠ ᠳᠤᠲᠠᠭᠠᠨ ᠵᠠᠶᠢᠯᠠᠬᠤ ᠠᠴᠠ ᠪᠣᠯᠵᠤ ᠬᠥᠲᠥᠯᠥᠨ ᠵᠢᠯᠤᠭᠤᠳᠬᠤ ᠪᠡᠯᠡ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠠᠵᠤ ᠠᠬᠤᠶᠢᠯᠠᠯ ᠤᠨ ︽ᠬᠠᠷ᠎ᠠ ᠳᠠᠩᠰᠠ︾᠎ ᠳᠤ ᠣᠷᠣᠭᠤᠯᠵᠤ ᠬᠠᠮᠢᠶᠠᠷᠬᠤ ᠬᠡᠷᠡᠭᠲᠡᠢ᠃

      ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠥᠲᠥᠯᠥᠨ ᠵᠢᠯᠤᠭᠤᠳᠴᠤ ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠰᠢᠯᠭᠠᠨ ᠬᠢᠨᠠᠵᠤ ᠦᠨᠡᠯᠡᠯᠲᠡ ᠬᠢᠬᠦ ᠬᠡᠷᠡᠭᠲᠡᠢ᠃

 

                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                              2023 ᠣᠨ ᠤ 1 ᠳ᠋ᠦ᠋ᠭᠡᠷ ᠰᠠᠷ᠎ᠠ ᠶᠢᠨ16᠎ ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ