ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 21 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/25

      8 ᠰᠠᠷ᠎ᠠ ᠶᠢᠨ 24 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠰᠤᠳᠤᠯᠵᠤ ᠂ ᠬᠦᠷᠢᠶ᠎ᠡ ᠬᠡᠪᠴᠢᠶ᠎ᠡ ᠪᠠᠨ ᠤᠯᠠᠮ ᠥᠷᠭᠡᠳᠬᠡᠵᠦ ᠂  ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠡᠨᠡ ᠬᠦ ᠬᠡᠪᠴᠢᠶᠡᠨ ᠳᠤ ᠣᠷᠣᠭᠤᠯᠵᠤ ᠂ ᠤᠯᠠᠨ ᠭᠤᠣᠯ ᠴᠣᠭᠴᠠ ᠂ ᠤᠯᠠᠨ ᠠᠷᠭ᠎ᠠ ᠵᠠᠮ ᠢᠶᠠᠷ ᠪᠡᠯᠡ ᠮᠦᠩᠬᠦ ᠶᠢᠨ ᠢᠷᠡᠯᠲᠡ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠴᠥᠮ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ ᠂ ᠠᠷᠭ᠎ᠠ ᠪᠦᠬᠦᠨ ᠢ ᠰᠦᠪᠡᠭᠴᠢᠯᠡᠵᠦ ᠤᠯᠠᠨ ᠲᠦᠮᠡᠨ ᠤ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ 2.6 ᠲᠦᠮᠡᠨ ᠡᠷᠦᠬᠡ ᠶᠢᠨ ᠦᠳᠡᠯᠦᠭᠡ ᠨᠠᠰᠤᠨ ᠤ ᠬᠥᠮᠥᠰ ᠠᠴᠠ ᠲᠣᠬᠢᠷᠠᠬᠤ ᠪᠣᠯᠭᠠᠨ ᠳᠤᠨᠢ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠂ ᠥᠭᠡᠷᠡᠴᠢᠯᠡᠯᠲᠡ ᠶᠢᠨ ᠶᠠᠰᠤ ᠴᠢᠨᠠᠷ ᠬᠢᠷᠢ ᠵᠡᠷᠭᠡ ᠂ ᠦᠷ᠎ᠡ ᠪᠦᠲᠦᠮᠵᠢ ᠬᠢᠷᠢ ᠵᠡᠷᠭᠡ ᠪᠠᠶᠢᠬᠤ ᠲᠤᠬᠠᠢ ᠨᠠᠰᠤᠲᠠᠶᠢᠴᠤᠳ ᠤᠨ ᠰᠠᠨᠠᠯ ᠢ ᠢᠯᠡᠭᠦᠬᠡᠨ ᠰᠣᠨᠣᠰᠴᠤ ᠂ ᠰᠠᠶᠢᠨ ᠶᠠᠪᠤᠳᠠᠯ ᠢ ᠰᠠᠶᠢᠲᠤᠷ ᠬᠢᠵᠦ ᠂ ᠪᠣᠳᠠᠲᠤ ᠶᠠᠪᠤᠳᠠᠯ ᠢ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ  ᠃

      ᠬᠤᠷᠠᠯ ᠠᠴᠠ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠂ ᠨᠢᠭᠡ ᠳᠤ ᠨᠡᠩ ᠪᠣᠳᠠᠲᠠᠢ ᠂ ᠨᠡᠩ ᠲᠣᠳᠣᠷᠬᠠᠢ ᠠᠷᠭ᠎ᠠ ᠬᠡᠮᠵᠢᠶ᠎ᠡ ᠠᠪᠴᠦ᠂ ᠣᠨ ᠤ ᠬᠠᠷᠠᠯᠲᠠ ᠨᠢ ᠶᠠᠭᠤ ᠪᠣᠯᠬᠤ ᠂ ᠬᠡᠨ ᠬᠢᠬᠦ ᠂ ᠶᠠᠭᠠᠬᠢᠵᠤ ᠬᠢᠬᠦ ᠶᠢ ᠪᠦᠷ ᠲᠣᠳᠣᠷᠬᠠᠢ ᠪᠣᠯᠭᠠᠬᠤ ᠬᠡᠷᠡᠭᠲᠡᠢ ᠃ ᠬᠤᠶᠠᠷ ᠲᠤ ᠠᠯᠳᠠᠭᠳᠠᠯ ᠢᠶᠠᠨ ᠬᠤᠪᠢᠷᠠᠭᠤᠯᠬᠤ ᠡᠨᠡ ᠬᠦ ᠬᠠᠷᠠᠯᠲᠠ ᠶᠢ ᠠᠩᠬᠠᠷᠴᠤ ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠲᠥᠷᠥᠯ ᠬᠤᠪᠢᠶᠠᠨ ᠬᠡᠷᠡᠭᠵᠢᠭᠦᠯᠬᠦ ᠬᠡᠷᠡᠭᠲᠡᠢ ᠃ ᠭᠤᠷᠪᠠ ᠳᠤ ᠥᠭᠡᠷᠡᠴᠢᠯᠡᠯᠲᠡ ᠭᠡᠬᠦ ᠡᠨᠡᠬᠦ ᠭᠤᠣᠯᠳᠠᠯᠭ᠎ᠠ ᠶᠢ ᠠᠳᠬᠤᠵᠤ ᠂ ᠱᠠᠨᠳᠦ᠋ᠩ ᠵᠡᠷᠭᠡ ᠭᠠᠵᠠᠷ ᠤᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠤᠨ ᠠᠵᠢᠯ ᠢ ᠬᠡᠷᠡᠭᠵᠢᠭᠦᠯᠬᠦ ᠳᠤ ᠂ ᠨᠢᠭᠡ ᠳᠤ ᠰᠠᠶᠢᠲᠤᠷ ︽ ᠣᠷᠣᠯᠠᠨ︾ ᠬᠢᠵᠦ ᠂ ᠫᠦᠵᠢᠶᠠᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠤᠳᠤᠷᠢᠳᠬᠤ ᠺᠠᠳ᠋ᠷ ᠲᠦᠷᠦᠭᠦᠯᠡᠨ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠴᠤ ᠳᠣᠷᠣᠭᠰᠢ ᠪᠠᠭᠤᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ᠬᠤᠶᠠᠷ ᠲᠤ ᠰᠠᠶᠢᠲᠤᠷ ︽ ᠭᠦᠢᠴᠡᠳᠬᠡᠵᠦ︾ ᠂ ᠤᠯᠠᠨ ᠲᠦᠮᠡᠨ ᠳᠤ ᠲᠠᠭᠠᠰᠢᠶᠠᠭᠳᠠᠬᠤ  ᠪᠠᠷ ᠪᠠᠷᠢᠮᠵᠢᠶ᠎ᠠ ᠪᠣᠯᠭᠠᠵᠤ ᠂ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠨᠡᠭᠡᠭᠡᠨ ᠬᠥᠭᠵᠢᠭᠦᠯᠦᠯᠲᠡ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ ᠰᠤᠳᠤᠯᠵᠤ ᠂ ︽ ᠠᠷᠭᠠᠴᠠᠭᠠᠵᠤ ᠡᠪᠯᠡᠭᠦᠯᠦᠭᠡᠳ ᠪᠣᠯᠬᠤ ᠦᠭᠡᠢ ᠂ ᠡᠷᠬᠡᠪᠰᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ ︾ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠨ ᠂ ᠵᠠᠬ᠎ᠠ ᠳᠡᠯᠭᠡᠭᠦᠷᠴᠢᠯᠡᠬᠦ ᠠᠷᠭ᠎ᠠ ᠶᠢ ᠬᠡᠷᠡᠭᠯᠡᠵᠦ ᠂ ᠬᠡᠪᠴᠢᠶ᠎ᠡ ᠪᠠᠷ ᠪᠠᠭ᠎ᠠ ᠂ ᠮᠦ ᠳᠤᠮᠳᠠᠴᠢ ᠶᠢᠨ ᠦᠷ᠎ᠡ ᠠᠰᠢᠭ ᠢᠶᠠᠷ ᠳᠣᠣᠷ᠎ᠠ ᠪᠠᠶᠢᠬᠤ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ ᠂ ᠪᠠᠶᠢᠭᠤᠯᠤᠮᠵᠢ ᠲᠣᠭᠲᠠᠴᠠ ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠮᠥᠨ ᠴᠢᠨᠠᠷ ᠤᠨ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠬᠦ  ᠬᠡᠷᠡᠭᠲᠡᠢ ᠃ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ ᠂ ︽ ᠲᠠᠪᠤᠨ ᠶᠢ ᠲᠤᠶᠢᠯᠪᠤᠷᠢᠲᠠᠢ ᠪᠠᠶᠢᠴᠠᠭᠠᠬᠤ︾ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ ᠂ ᠡᠬᠢᠨ ᠤ ᠪᠠ ᠡᠴᠦᠰ ᠤᠨ ᠬᠡᠯᠬᠢᠶ᠎ᠡ᠂ ᠬᠡᠯᠬᠢᠶ᠎ᠡ ᠳᠠᠭᠠᠤ ᠶᠢᠨ ᠢᠵᠢ ᠪᠦᠷᠢᠳᠦᠭᠰᠡᠨ ᠠᠵᠤ ᠠᠬᠤᠶᠢᠯᠠᠯ ᠢ ᠲᠥᠪᠯᠡᠷᠡᠭᠦᠯᠦᠨ ᠴᠤᠭᠯᠠᠭᠤᠯᠵᠤ ᠪᠦᠯᠦᠭᠵᠢᠭᠦᠯᠦᠨ ᠬᠥᠭᠵᠢᠭᠦᠯᠬᠦ  ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ︽ ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ ︾ ᠶᠢᠨ ᠠᠵᠢᠯ ᠤᠨ ᠵᠢᠯᠤᠭᠤᠳᠬᠤ ᠳᠦᠷᠢᠮ ᠢ ᠰᠤᠳᠤᠯᠵᠤ ᠂ ᠭᠤᠣᠯᠳᠠᠯᠭ᠎ᠠ  ᠨᠢ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠪᠣᠯᠣᠨ ᠠᠵᠢᠯ ᠤᠨ ᠲᠣᠭᠲᠠᠴᠠ ᠶᠢ ᠲᠣᠭᠲᠠᠭᠠᠵᠤ ᠂ ᠵᠠᠰᠠᠭ ᠤᠨ ᠣᠷᠳᠣᠨ ᠤ ᠰᠢᠰᠲ᠋ᠧᠮ ᠪᠣᠯᠣᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠵᠠᠮ ᠬᠠᠷᠢᠯᠴᠠᠭᠠᠨ ᠤ ᠲᠣᠣᠷ ᠤᠨ ᠲᠥᠯᠦᠪᠵᠢᠭᠦᠯᠭᠡ ᠂ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠵᠦᠢᠯᠡᠰ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ