8 ᠰᠠᠷ᠎ᠠ ᠶᠢᠨ 27 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠶᠠᠮᠤᠨ ᠤ ᠰᠠᠶᠢᠳ ᠸᠠᠩ ᡁᠢ ᠭᠠᠩ ᠲᠠᠢ ᠠᠭᠤᠯᠵᠠᠪᠠ ᠃

ᠰᠦᠨ ᠱᠤᠤ ᠴᠧᠩ ᠸᠠᠩ ᡁᠢ ᠭᠠᠩ ᠨᠠᠷ ᠢ ᠪᠠᠶᠠᠷᠯᠠᠨ ᠤᠭᠲᠤᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠤᠨ ᠬᠥᠭᠵᠢᠯᠲᠡ ᠳᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠭᠡᠳᠦ ᠲᠡᠰ ᠤᠨ ᠴᠢᠳᠠᠪᠤᠷᠢᠲᠠᠨ ᠤ ᠬᠡᠷᠡᠭᠴᠡᠭᠡ ᠨᠡᠩ ᠲᠤᠯᠭᠠᠮ ᠪᠣᠯᠪᠠ ᠃ ᠪᠢᠳᠡ ᠶᠠᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠶᠢ ᠡᠭᠦᠳᠬᠦ ᠴᠢᠳᠠᠪᠤᠷᠢ ᠪᠠ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠪᠠᠴᠢᠮ ᠬᠡᠷᠡᠭᠰᠡᠬᠦ ᠳᠡᠭᠡᠳᠦ ᠲᠡᠰ ᠤᠨ ᠴᠢᠳᠠᠪᠤᠷᠢᠲᠠᠨ ᠢ ᠶᠡᠭᠡ ᠪᠠᠷ ᠣᠷᠣᠭᠤᠯᠤᠨ ᠠᠪᠴᠢᠷᠠᠵᠤ ᠪᠠᠶᠢᠨ᠎ᠠ ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠪᠢᠳᠡᠨ ᠢ ᠬᠠᠪᠰᠤᠷᠤᠨ
︽ ᠤᠶᠠᠩᠭᠠᠲᠤ ᠮᠣᠳᠣ ︾ ᠶᠢ ᠰᠠᠶᠢᠲᠤᠷ ᠲᠠᠷᠢᠵᠦ ᠂ ᠬᠤᠪᠣᠷ ᠰᠢᠷᠣᠢ ᠂ ᠡᠪᠡᠰᠦᠨ ᠤ ᠦᠢᠯᠡᠰ ᠂ ᠰᠦ ᠶᠢᠨ ᠦᠢᠯᠡᠰ ᠂ ᠰᠢᠨ᠎ᠡ ᠡᠨᠧᠷᠭᠢ ᠵᠡᠷᠭᠡ ᠬᠦᠷᠢᠶᠡᠨ ᠳᠤ ᠨᠢᠭᠡ ᠪᠦᠯᠦᠭ ᠤᠯᠤᠰ ᠤᠨ ᠲᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ ᠂ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠥᠭᠬᠦ ᠶᠢ ᠬᠦᠰᠡᠵᠦ ᠪᠠᠶᠢᠨ᠎ᠠ ᠃ ᠬᠤᠯᠪᠣᠭᠳᠠᠯ ᠪᠦᠬᠦᠢ ᠲᠠᠯ᠎ᠠ ᠶᠢᠨ ᠬᠢᠨ ᠲᠥᠯᠥᠪᠵᠢᠭᠦᠯᠦᠨ ᠰᠤᠳᠤᠯᠬᠤ ᠪᠠᠨ ᠴᠢᠩᠭᠠᠳᠬᠠᠵᠤ ᠂ ᠡᠭᠦᠷᠭᠡ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ ᠂ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ ᠃

ᠸᠠᠩ ᡁᠢ ᠭᠠᠩ ᠠᠴᠠ ᠥᠪᠥᠷ ᠮᠣᠩᠭᠤᠯ ᠤᠨ ᠬᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤᠮᠳᠠ ᠪᠢᠳᠡ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠱᠠᠲᠤᠨ ᠠᠴᠠ ᠳᠣᠣᠷᠠᠳᠤ ᠱᠠᠲᠤ ᠭᠦᠷᠲᠡᠯ᠎ᠡ ᠴᠥᠮ ᠮᠠᠰᠢ ᠴᠢᠬᠤᠯᠠᠴᠢᠯᠠᠵᠤ ᠂ ᠬᠤᠯᠪᠣᠭᠳᠠᠯ ᠪᠦᠬᠦᠢ ᠠᠵᠢᠯ ᠨᠢ ᠴᠦ ᠪᠠᠶᠠᠷᠯᠠᠭᠤᠰᠢᠲᠠᠢ ᠠᠮᠵᠢᠯᠲᠠ ᠣᠯᠣᠭᠰᠠᠨ ᠢ ᠪᠡᠶ᠎ᠡ ᠪᠠᠷ ᠢᠶᠠᠨ ᠮᠡᠳᠡᠷᠡᠵᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠥᠪᠥᠷ ᠮᠣᠩᠭᠤᠯ ᠳᠤ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠨ ᠦᠢᠯᠡᠴᠢᠯᠡᠵᠦ ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠯᠤᠭ᠎ᠠ ᠣᠨᠣᠴᠠᠲᠠᠢ ᠵᠣᠯᠭᠠᠭᠤᠯᠵᠤ ᠂ ᠶᠠᠮᠤᠨ ᠣᠷᠣᠨ ᠤ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠡᠨᠧᠷᠭᠢ ᠨᠡᠮᠡᠷᠢᠯᠡᠨ᠎ᠡ ᠭᠡᠵᠦ ᠬᠡᠯᠡᠪᠡ ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠤ ᠳᠡᠳ᠋ ᠰᠠᠶᠢᠳ ᠵᠠᠩ ᠢᠦᠢ ᠳ᠋ᠦᠩ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ
ᠢᠦᠢ ᠯᠢ ᠰᠢᠨ ᠂ ᠪᠦᠦ ᠰᠢᠶᠠᠨ ᠬᠤᠸᠠ ᠂ ᠰᠦᠨ ᠵᠢᠶᠦ᠋ᠨ ᠴᠢᠩ ᠠᠭᠤᠯᠵᠠᠯᠲᠠ ᠳᠤ ᠣᠷᠣᠯᠴᠠᠵᠠᠢ ᠃