8 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᡁᠢ ᠭᠠᠩ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃



ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠸᠠᠩ ᡁᠢ ᠭᠠᠩ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠵᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠯᠬᠤᠭ᠎ᠠ ᠶᠢ ᠲᠦᠷᠭᠡᠳᠬᠡᠶ᠎ᠡ︾ ᠭᠡᠬᠦ ᠰᠡᠳᠦᠪ ᠢᠶᠠᠷ ᠥᠪᠡᠷ ᠤᠨ ᠤᠷᠲᠤ ᠬᠤᠭᠤᠴᠠᠭᠠᠨ ᠤ ᠲᠤᠷᠰᠢᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠬᠤᠷᠠᠮᠳᠤᠭᠤᠯᠤᠯ ᠲᠠᠢ ᠪᠠᠨ ᠤᠶᠠᠯᠳᠤᠭᠤᠯᠵᠤ᠂ ᠤᠨᠤᠯ ᠤᠨ ᠯᠣᠭᠢᠭ᠂ ᠲᠡᠦᠬᠡ ᠶᠢᠨ ᠯᠣᠭᠢᠭ᠂ ᠪᠣᠳᠠᠲᠤ ᠠᠬᠤᠢ ᠶᠢᠨ ᠯᠣᠭᠢᠭ ᠵᠡᠷᠭᠡ ᠤᠯᠠᠨ ᠬᠠᠷᠠᠭᠠᠰᠤ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠤᠨ ᠠᠯᠤᠰ ᠤᠨ ᠬᠠᠷᠠᠯᠲᠠ ᠶᠢ ᠰᠢᠰᠲ᠋ᠧᠮ ᠲᠠᠢ ᠲᠠᠨᠢᠯᠴᠠᠭᠤᠯᠤᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠢ ᠰᠠᠨᠠᠯ ᠢᠶᠠᠨ ᠶᠠᠷᠢᠪᠠ᠃ ᠣᠯᠠᠨ ᠢᠶᠠᠷ ᠢᠶᠠᠨ ᠰᠣᠨᠣᠰᠤᠭᠰᠠᠨ ᠤ ᠳᠠᠷᠠᠭ᠎ᠠ᠂ ᠭᠦᠨ ᠰᠡᠩᠬᠡᠷᠡᠭᠦᠯᠦᠯ ᠣᠯᠵᠤ᠂ ᠶᠡᠬᠡᠬᠡᠨ ᠣᠯᠣᠯᠲᠠ ᠲᠠᠢ ᠪᠣᠯᠵᠠᠢ᠃
ᠰᠦᠨ ᠱᠤᠤ ᠴᠧᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠲᠣᠪᠣᠶᠢᠮ᠎ᠠ ᠳᠤᠲᠠᠭᠤᠳᠠᠯ ᠪᠣᠯᠣᠨ᠎ᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠭᠵᠢᠭᠡᠳᠦᠢ ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠᠲᠠᠢ︾ ᠭᠡᠬᠦ ᠰᠤᠷᠭᠠᠯ ᠢ ᠪᠠᠲᠤ ᠴᠡᠭᠡᠵᠢᠯᠡᠵᠦ᠂ ᠨᠡᠩ ᠶᠡᠭᠡ ᠰᠥᠰᠥ ᠵᠣᠷᠢᠭ ᠪᠣᠯᠣᠨ ᠴᠤᠭ ᠰᠦᠯᠳᠡ ᠪᠠᠷ ᠰᠢᠨ᠎ᠡ ᠶᠢ ᠡᠭᠦᠳᠬᠦ ᠶᠢ ᠰᠦᠪᠡᠭᠴᠢᠯᠡᠨ ᠰᠢᠨ᠎ᠡ ᠶᠢ ᠡᠭᠦᠳᠬᠦ ᠶᠢ ᠠᠳᠬᠤᠵᠤ᠂ ᠡᠨᠡ ᠬᠦ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠦᠷᠢᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ ᠳᠤ ᠲᠠᠪᠰᠢᠨ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠦᠯ ᠢ ᠭᠦᠨᠵᠡᠭᠡᠢ ᠲᠥᠯᠥᠪᠵᠢᠭᠦᠯᠦᠨ ᠬᠡᠷᠡᠭᠵᠢᠭᠦᠯᠵᠦ᠂ ᠶᠡᠭᠡ ᠬᠦᠴᠦ ᠣᠷᠣᠭᠤᠯᠵᠤ ᠪᠠᠶᠢᠭᠠᠳ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠢ᠂ ᠡᠨᠧᠷᠭᠢ ᠨᠥᠭᠡᠴᠡᠯᠡᠬᠦ ᠵᠡᠷᠭᠡ ᠬᠦᠷᠢᠶᠡᠨ ᠳᠠᠬᠢ ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ ᠶᠢᠨ ᠠᠵᠤ ᠦᠢᠯᠡᠰ ᠤᠨ ᠪᠣᠭᠤᠮᠢ ᠶᠢᠨ ᠬᠢᠵᠠᠭᠠᠷᠯᠠᠯ ᠢ ᠰᠢᠪᠲᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠳᠦᠷᠢᠮ ᠤᠨ ᠲᠠᠯ᠎ᠠ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠣᠶᠢᠵᠢᠭᠤᠯᠬᠤ᠂ ᠦᠯᠡᠳᠡᠭᠡᠬᠦ᠂ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠬᠤᠯᠠᠴᠢᠯᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠦᠭᠦ ᠲᠠᠯ᠎ᠠ ᠪᠠᠷ ᠪᠠᠶᠢᠴᠠᠭᠠᠨ ᠭᠠᠷᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ ᠡᠯ᠎ᠡ ᠲᠠᠯ᠎ᠠ ᠶᠢᠨ ᠬᠠᠮᠲᠤᠷᠠᠯᠴᠠᠭᠠᠨ ᠤ ᠵᠠᠮ ᠢ ᠨᠠᠪᠲᠠᠷᠡᠭᠦᠯᠵᠦ᠂ ᠨᠡᠩ ᠤᠯᠠᠨ ︽ᠦᠷ᠎ᠡ︾ ᠶᠢ ︽ᠴᠢᠬᠢ ᠮᠣᠳᠣ︾ ᠪᠣᠯᠭᠠᠨ ᠬᠤᠪᠢᠷᠠᠭᠤᠯᠵᠤ᠂ ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠬᠥᠷᠥᠩᠭᠡ ᠶᠢ ᠰᠢᠨ᠎ᠡ ᠶᠢ ᠡᠭᠦᠳᠬᠦ ᠳᠤ ᠣᠷᠣᠯᠴᠠᠭᠤᠯᠬᠤ ᠪᠠᠷ ᠬᠥᠲᠥᠯᠥᠨ ᠳᠠᠭᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠩ ᠤᠯᠠᠨ ᠰᠢᠨ᠎ᠡ ᠶᠢ ᠡᠭᠦᠳᠬᠦ ᠲᠠᠪᠴᠠᠩ᠂ ᠠᠵᠤ ᠠᠬᠤᠶᠢᠯᠠᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠳᠠᠪᠠᠭᠤᠯᠢᠭ ᠡᠬᠢ ᠪᠠᠶᠠᠯᠢᠭ ᠢ ᠥᠪᠡᠷ ᠤᠨ ᠪᠡᠶ᠎ᠡ ᠳᠡᠭᠡᠨ ᠠᠰᠢᠭᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠵᠣᠬᠢᠬᠤ ᠳᠦᠷᠢᠮᠯᠡᠯ ᠭᠡᠵᠦ ᠪᠠᠶᠢᠳᠠᠭ ᠦᠭᠡᠢ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠲᠤᠷᠰᠢᠵᠤ᠂ ᠵᠣᠷᠢᠭᠲᠠᠢ ᠬᠢᠬᠦ ᠬᠡᠷᠡᠭᠲᠡᠢ ᠭᠡᠵᠦ ᠬᠡᠯᠡᠪᠡ᠃
ᠰᠤᠷᠤᠯᠴᠠᠯᠭ᠎ᠠ ᠶᠢᠨ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠤᠰᠤᠳ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃