2023 ᠣᠨ ᠳᠤ ᠥᠪᠡᠷᠲᠡᠭᠡᠨ ᠵᠠᠰᠠᠬᠤ ᠣᠷᠣᠨ ᠠᠴᠠ ᠣᠷᠳᠣᠰ ᠬᠤᠲᠠ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ 100 ᠢᠵᠢ / ᠲᠠᠰᠤᠯᠭ᠎ᠠ ᠪᠠᠶᠢᠭᠤᠯᠬᠤ ᠡᠭᠦᠷᠭᠡ ᠪᠠᠭᠤᠯᠭᠠᠵᠤ᠂ ᠪᠦᠭᠦᠳᠡ ᠶᠢ ᠬᠠᠩᠭᠢᠨ ᠬᠤᠰᠢᠭᠤᠨ ᠤ ᠡᠭᠦᠷᠭᠡ ᠪᠣᠯᠭᠠᠨ᠂ ᠬᠠᠩᠭᠢᠨ ᠬᠤᠰᠢᠭᠤ ᠠᠵᠤ ᠠᠬᠤᠶᠢᠯᠠᠯ ᠲᠠᠢ ᠬᠠᠮᠲᠤᠷᠠᠯᠴᠠᠬᠤ ᠪᠠᠷ ᠳᠠᠮᠵᠢᠭᠤᠯᠤᠨ ᠰᠤᠯᠠ ᠲᠠᠯᠪᠢᠭᠳᠠᠵᠤ ᠪᠠᠶᠢᠭ᠎ᠠ᠂ ᠠᠰᠢᠭᠯᠠᠮᠵᠢ ᠪᠠᠷ ᠳᠣᠣᠷ᠎ᠠ ᠪᠠᠶᠢᠭ᠎ᠠ ᠠᠯᠪᠠᠨ ᠠᠵᠢᠯ ᠤᠨ ᠠᠰᠠᠷ ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ ᠣᠲᠣ ᠬᠠᠩᠭᠢᠨ ᠬᠤᠰᠢᠭᠤᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃
2023 ᠣᠨ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠨ ᠨᠥᠬᠦᠪᠦᠷᠢ ᠶᠢ 519 ᠡᠷᠦᠬᠡ ᠳᠤ ᠣᠯᠭᠤᠬᠤ ᠡᠭᠦᠷᠭᠡ ᠪᠠᠭᠤᠯᠭᠠᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠨ ᠨᠥᠬᠦᠪᠦᠷᠢ ᠶᠢ ᠨᠡᠶᠢᠲᠡ 654 ᠡᠷᠦᠬᠡ ᠳᠤ ᠲᠠᠷᠬᠠᠭᠠᠵᠤ᠂ 65.04 ᠲᠦᠮᠡᠨ ᠲᠥᠭᠦᠷᠢᠭ ᠲᠠᠷᠬᠠᠭᠠᠨ ᠥᠭᠪᠡ᠃
ᠪᠥᠬᠦ ᠬᠤᠲᠠ ᠳᠤ ᠨᠡᠶᠢᠲᠡ 37361 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠷᠢᠯᠭ᠎ᠠ ᠶᠢ ᠡᠬᠢᠯᠡᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 34212 ᠢᠵᠢ ᠣᠷᠣᠨ ᠰᠠᠭᠤᠴᠠ ᠶᠢ ᠬᠤᠪᠢᠶᠠᠷᠢᠯᠠᠨ ᠰᠠᠭᠤᠯᠭᠠᠵᠤ᠂ ᠬᠤᠪᠢᠶᠠᠷᠢᠯᠠᠭᠰᠠᠨ ᠨᠣᠷᠮ᠎ᠠ ᠨᠢ 91.57% ᠳᠤ ᠬᠥᠷᠪᠡ᠃
ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠳᠡᠭᠡᠳᠦ ᠱᠠᠲᠤᠨ ᠤ ᠨᠥᠬᠦᠪᠦᠷᠢ ᠪᠡᠯᠡ ᠮᠥᠩᠭᠦ ᠶᠢ 387 ᠲᠦᠮᠡᠨ ᠲᠥᠭᠦᠷᠢᠭ ︵ᠲᠥᠪ ᠤᠨ ᠨᠥᠬᠦᠪᠦᠷᠢ ᠪᠡᠯᠡ ᠮᠥᠩᠭᠦ 105 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠪᠡᠯᠡ ᠮᠥᠩᠭᠦ 252 ᠲᠦᠮᠡᠨ ᠲᠥᠭᠦᠷᠢᠭ᠂ ᠬᠤᠲᠠ ᠶᠢᠨ ᠲᠣᠰ ᠱᠠᠲᠤᠨ ᠤ ᠨᠥᠬᠦᠪᠦᠷᠢ ᠪᠡᠯᠡ ᠮᠥᠩᠭᠦ 30 ᠲᠦᠮᠡᠨ ᠲᠥᠭᠦᠷᠢᠭ︶ ᠢ ᠴᠢᠷᠮᠠᠶᠢᠨ ᠣᠯᠣᠭᠰᠠᠨ ᠤ ᠬᠠᠮᠲᠤ ᠬᠤᠪᠢᠶᠠᠷᠢᠯᠠᠨ ᠪᠠᠭᠤᠯᠭᠠᠪᠠ᠃