ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/7

      8 ᠰᠠᠷ᠎ᠠ ᠶᠢᠨ 3 ᠤ ᠡᠳᠦᠷ᠂ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠪᠥᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃

      ᠸᠠᠩ ᠯᠢ ᠰᠢᠶᠠ᠂ ᠠᠶᠤᠯᠭᠦᠢ ᠦᠢᠯᠡᠳᠪᠦᠷᠢᠯᠡᠯ ᠭᠡᠬᠦ ᠡᠨᠡ ᠬᠦ ᠬᠥᠮᠥᠨ ᠤ ᠠᠮᠢ ᠨᠠᠰᠤᠨ ᠳᠤ ᠬᠤᠯᠪᠣᠭᠳᠠᠬᠤ ᠶᠡᠭᠡ ᠶᠠᠪᠤᠳᠠᠯ ᠳᠡᠭᠡᠷ᠎ᠡ᠂ ᠬᠥᠩᠭᠡᠪᠴᠢᠯᠡᠬᠦ ᠨᠢ ᠬᠠᠮᠤᠭ ᠤᠨ ᠠᠶᠤᠮᠰᠢᠭᠲᠠᠢ᠂ ᠲᠠᠶᠢᠪᠤᠰᠢᠷᠠᠬᠤ ᠨᠢ ᠬᠠᠮᠤᠭ ᠤᠨ ᠠᠶᠤᠮᠰᠢᠭᠲᠠᠢ᠂ ᠬᠠᠰᠢ ᠶᠠᠰᠢ ᠪᠠᠷ ᠠᠷᠭᠠᠴᠠᠭᠠᠬᠤ ᠨᠢ ᠬᠠᠮᠤᠭ ᠤᠨ ᠠᠶᠤᠮᠰᠢᠭᠲᠠᠢ ᠶᠤᠮ︔ ᠬᠡᠯᠪᠡᠷᠢᠴᠢ ᠦᠵᠡᠯ᠂ ᠨᠣᠶᠠᠨᠴᠢ ᠰᠤᠷᠲᠠᠯ ᠲᠠᠢ ᠪᠠᠶᠢᠬᠤ  ᠨᠢ ᠳᠠᠷᠤᠢ ᠬᠥᠮᠥᠨ ᠤ ᠠᠮᠢ ᠨᠠᠰᠤ ᠶᠢ ᠬᠤᠷᠣᠭᠠᠵᠤ ᠪᠠᠶᠢᠭ᠎ᠠ ᠶᠠᠪᠤᠳᠠᠯ ᠮᠥᠨ᠂ ᠳᠠᠷᠤᠢ ᠤᠯᠤᠰ ᠲᠥᠷᠥ ᠶᠢ ᠬᠡᠦᠬᠡᠳ ᠤᠨ ᠲᠣᠭᠯᠠᠭᠠᠮ ᠪᠣᠯᠭᠠᠵᠤ᠂ ᠰᠠᠬᠢᠯᠭ᠎ᠠ ᠪᠠᠲᠤ ᠪᠠ ᠶᠣᠰᠣ ᠳᠦᠷᠢᠮ ᠢ ᠬᠡᠦᠬᠡᠳ ᠤᠨ ᠲᠣᠭᠯᠠᠭᠠᠮ ᠪᠣᠯᠭᠠᠵᠤ᠂ ᠣᠯᠠᠨ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠡᠦᠬᠡᠳ ᠤᠨ ᠲᠣᠭᠯᠠᠭᠠᠮ ᠪᠣᠯᠭᠠᠵᠤ ᠪᠠᠶᠢᠭ᠎ᠠ ᠶᠠᠪᠤᠳᠠᠯ ᠮᠥᠨ᠃ ᠰᠤᠷᠤᠯᠭ᠎ᠠ ᠶᠢᠨ ᠰᠦᠢᠳᠬᠡᠯ ᠢ ᠶᠠᠭᠠᠬᠢᠭᠰᠠᠨ ᠴᠤ ᠲᠠᠯᠠᠭᠠᠷ ᠲᠤᠰᠢᠶᠠᠵᠤ ᠪᠣᠯᠬᠤ ᠦᠭᠡᠢ᠂ ᠴᠢᠰᠤᠲᠤ ᠰᠤᠷᠭᠠᠮᠵᠢ ᠶᠢ ᠡᠷᠬᠡᠪᠰᠢ ᠰᠢᠩᠭᠡᠭᠡᠨ ᠠᠪᠬᠤ ᠬᠡᠷᠡᠭᠲᠡᠢ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠱᠠᠯᠠᠪᠳᠠᠭᠤᠯᠤᠨ ᠭᠦᠢᠴᠡᠳᠬᠡᠭᠦᠯᠵᠦ ᠴᠡᠭᠴᠡᠯᠡᠨ ᠰᠠᠶᠢᠵᠢᠷᠠᠭᠤᠯᠬᠤ᠂ ᠪᠣᠯᠪᠠᠰᠤᠷᠠᠯ ᠰᠣᠷᠢᠯᠭ᠎ᠠ ᠬᠢᠬᠦ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠨᠠᠷᠢᠨ ᠮᠥᠷᠳᠡᠵᠦ᠂ ᠬᠠᠷᠠᠵᠤ ᠪᠠᠶᠢᠭᠠᠳ ᠬᠠᠶᠢᠬᠤᠷᠬᠤ ᠦᠭᠡᠢ᠂ ᠪᠠᠶᠢᠴᠠᠭᠠᠪᠠᠴᠤ ᠵᠠᠯᠠᠷᠠᠭᠤᠯᠬᠤ ᠦᠭᠡᠢ᠂ ᠴᠡᠭᠴᠡᠯᠡᠪᠡᠴᠦ ᠵᠠᠰᠠᠬᠤ ᠦᠭᠡᠢ᠂ ᠬᠤᠣᠷ ᠤᠨ ᠦᠨᠳᠦᠰᠦ ᠶᠢ ᠦᠯᠡᠳᠡᠭᠡᠵᠦ ᠶᠠᠭᠠᠬᠢᠭᠰᠠᠨ ᠴᠤ ᠪᠣᠯᠬᠤ ᠦᠭᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠨᠡᠩ ᠴᠢᠩᠭ᠎ᠠ ᠣᠪᠣᠷ ᠰᠤᠷᠲᠠᠯ ᠪᠠ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃

      ᠸᠠᠩ ᠯᠢ ᠰᠢᠶᠠ᠂ ᠣᠳᠣᠬᠠᠨ ᠳᠤ ᠶᠠᠭ ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠭ᠎ᠠ ᠪᠣᠯᠬᠤᠷ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃ ᠵᠠᠩᠭᠢᠯᠠᠭ᠎ᠠ ᠶᠢᠨ ᠬᠦᠷᠢᠶ᠎ᠡ ᠶᠢ ᠠᠩᠬᠠᠷᠴᠤ᠂ ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠵᠤ᠂ ᠲᠤᠰᠬᠠᠢ ᠠᠵᠢᠯᠯᠠᠭ᠎ᠠ ᠪᠣᠯᠣᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨ ᠪᠣᠳᠠᠲᠠᠢ᠂ ᠬᠠᠲᠠᠭᠤ ᠴᠢᠩᠭ᠎ᠠ ᠰᠠᠶᠢᠲᠤᠷ ᠠᠳᠬᠤᠵᠤ᠂ ᠰᠢᠲᠠᠮᠠᠬᠠᠢ ᠬᠡᠢ ᠶᠢ ᠲᠤᠶᠢᠯᠪᠤᠷᠢᠲᠠᠢ ᠪᠠᠶᠢᠴᠠᠭᠠᠨ ᠶᠡᠭᠡ ᠪᠠᠷ ᠴᠡᠭᠴᠡᠯᠡᠨ ᠵᠠᠰᠠᠬᠤ ᠶᠢ ᠴᠢᠩᠭ᠎ᠠ ᠥᠷᠨᠢᠭᠦᠯᠵᠦ᠂ ᠠᠭᠤᠷᠬᠠᠢ ᠶᠢᠨ ᠬᠦᠷᠢᠶᠡᠨ ᠤ ᠬᠦᠨᠳᠦ ᠶᠡᠭᠡ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠤᠯᠢ ᠪᠤᠰᠤ ᠦᠢᠯᠡᠳᠪᠦᠷᠢᠯᠡᠯ ᠡᠵᠡᠩᠨᠡᠯᠲᠡ ᠶᠢ ᠵᠠᠰᠠᠬᠤ︾ ᠠᠵᠢᠯᠯᠠᠭ᠎ᠠ ᠶᠢ ᠴᠢᠩᠭ᠎ᠠ ᠶᠠᠪᠤᠭᠳᠠᠭᠤᠯᠬᠤ ᠬᠡᠷᠡᠭᠲᠡᠢ᠃ ᠨᠢᠭᠡ ᠠᠴᠠ ᠵᠦᠢᠴᠢᠯᠡᠨ ᠨᠥᠭᠦᠭᠡ ᠶᠢ ᠮᠡᠳᠡᠬᠦ ᠶᠢ ᠪᠠᠷᠢᠮᠲᠠᠯᠠᠵᠤ᠂ ᠤᠷᠲᠤ ᠬᠤᠭᠤᠴᠠᠭ᠎ᠠ ᠪᠠᠷ ᠵᠠᠰᠠᠵᠤ ᠤᠷᠲᠤ ᠬᠤᠭᠤᠴᠠᠭᠠᠨ ᠳᠤ ᠪᠦᠲᠦᠮᠵᠢᠲᠡᠢ ᠪᠠᠶᠢᠬᠤ ᠶᠢ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠳᠠᠷᠤᠯᠲᠠ ᠶᠢ ᠡᠴᠦᠰ ᠲᠤᠨᠢ ᠲᠤᠯᠲᠠᠯ᠎ᠠ ᠳᠠᠮᠵᠢᠭᠤᠯᠵᠤ᠂ ᠰᠣᠯᠪᠢᠴᠠᠨ ᠬᠠᠷᠢᠯᠴᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠦᠨᠳᠦ ᠶᠡᠭᠡ ᠬᠡᠷᠡᠭ ᠢ ᠳᠡᠰ ᠳᠡᠪᠰᠢᠭᠦᠯᠦᠨ ᠰᠢᠢᠳᠪᠦᠷᠢᠯᠡᠵᠦ᠂ ᠴᠢᠩᠭ᠎ᠠ ᠪᠠᠶᠢᠴᠠᠭᠠᠵᠤ ᠴᠢᠩᠭ᠎ᠠ ᠰᠢᠢᠳᠪᠦᠷᠢᠯᠡᠵᠦ᠂ ᠢᠯᠡᠴᠢᠯᠡᠨ ᠮᠡᠳᠡᠭᠦᠯᠬᠦ ᠶᠢ ᠱᠠᠩᠨᠠᠬᠤ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠢᠯᠠᠩᠭᠤᠶ᠎ᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠡᠯ᠎ᠡ ᠱᠠᠲᠤ ᠡᠯ᠎ᠡ ᠭᠠᠵᠠᠷ᠂ ︽ᠡᠴᠦᠰ ᠤᠨ ᠨᠢᠭᠡ ᠮᠧᠲᠷ︾᠂ ︽ᠬᠠᠮᠤᠭ ᠪᠠᠭ᠎ᠠ ᠨᠢᠭᠡᠴᠢ︾ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃

      ᠬᠤᠸᠠᠩ ᡁᠢ ᠴᠢᠶᠠᠩ ᠬᠤᠷᠠᠯ ᠢ ᠡᠷᠬᠢᠯᠡᠵᠦ᠂ ᠴᠢ᠊ ᠪᠠᠲᠤ᠂ ᠪᠣᠣ ᠰᠢᠶᠠᠨ ᠬᠤᠸᠠ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ ᠣᠷᠣᠯᠴᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ