ᠡᠷᠡᠯᠬᠡᠭᠯᠡᠨ ᠲᠡᠮᠡᠴᠡᠵᠦ ᠂ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ ᠃ 8 ᠰᠠᠷ᠎ᠠ ᠶᠢᠨ 8 ᠤ ᠣᠷᠣᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠣᠷᠳᠣᠰ ᠲᠤ ᠡᠬᠢᠯᠡᠪᠡ ᠃



ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠯ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠪᠠᠶᠠᠷ ᠤᠨ ᠦᠭᠡ ᠬᠡᠯᠡᠵᠡᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠯᠢ ᠪᠢᠩ ᠷᠦᠩ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠡᠭᠢᠯᠡᠯᠲᠡ ᠶᠢᠨ ᠶᠣᠰᠣᠯᠠᠯ ᠢ ᠡᠷᠭᠢᠯᠡᠪᠡ ᠃



ᠡᠭᠢᠯᠡᠯᠲᠡ ᠶᠢᠨ ᠶᠣᠰᠣᠯᠠᠯ ᠠᠴᠠ ᠡᠮᠦᠨ᠎ᠡ ᠂ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠭᠦ ᠣᠷᠣᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠂ ᠰᠢᠯᠢᠳᠡᠭ ᠲᠠᠮᠢᠷᠴᠢᠳ ᠤᠨ ᠲᠥᠯᠥᠭᠡᠯᠡᠭᠴᠢ ᠶᠢ ᠭᠥᠯᠢᠶᠡᠨ ᠠᠪᠴᠤ ᠠᠭᠤᠯᠵᠠᠪᠠ ᠃



20 ᠴᠠᠭ ᠲᠤ ᠂ ︽ᠲᠠᠮᠢᠷᠴᠢᠳ ᠤᠨ ᠤᠷᠤᠭᠰᠢᠯᠠᠯᠲᠠ ᠶᠢᠨ ᠳᠠᠭᠤᠤ ︾ ᠶᠢᠨ ᠰᠦᠷ ᠵᠢᠪᠬᠤᠭᠠᠲᠤ ᠠᠶᠠᠰ ᠳᠤᠮᠳᠠ ᠂ ᠲᠤᠭ ᠬᠠᠮᠠᠭᠠᠯᠠᠬᠤ ᠵᠢᠬᠰᠠᠭᠠᠯᠳᠤ ᠡᠩᠨᠡᠭᠡ ᠶᠢᠨ ᠬᠢᠨ ᠬᠤᠷᠴᠠ ᠤᠯᠠᠭᠠᠨ ᠤᠯᠤᠰ ᠤᠨ ᠲᠤᠭ ᠂ ᠪᠦᠭᠦ ᠣᠷᠣᠨ ᠤ ᠲᠠᠮᠢᠷ ᠤᠨ ᠴᠤᠭᠯᠠᠭᠠᠨ ᠤ ᠲᠤᠭ ᠪᠣᠯᠣᠨ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠣᠷᠣᠨ ᠤ ᠲᠠᠮᠢᠷ ᠤᠨ ᠴᠤᠭᠯᠠᠭᠠᠨ ᠤ ᠲᠤᠭ ᠢ ᠬᠦᠷᠢᠶᠡᠯᠡᠵᠦ ᠂ ᠴᠤᠭ ᠵᠢᠪᠬᠤᠭ᠎ᠠ ᠲᠡᠭᠦᠯᠳᠡᠷ ᠢᠶᠠᠷ ᠣᠷᠳᠣᠰ ᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ ᠠᠯᠬᠤᠨ ᠣᠷᠣᠪᠠ ᠃ ᠡᠯ᠎ᠡ ᠲᠥᠯᠥᠭᠡᠯᠡᠭᠴᠢᠳ ᠤᠨ ᠪᠦᠯᠭᠦᠮ ᠡᠮᠬᠢ ᠲᠠᠷᠠᠭ᠎ᠠ ᠲᠠᠢ ᠲᠠᠮᠢᠷ ᠤᠨ ᠲᠠᠯᠠᠪᠠᠢ ᠳᠤ ᠣᠷᠣᠬᠤ ᠳᠤ ᠲᠤᠬᠠᠢ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ ᠃ ᠲᠠᠯᠠᠪᠠᠢ ᠳᠤ ᠣᠷᠣᠬᠤ ᠶᠣᠰᠣᠯᠠᠯ ᠳᠠᠭᠤᠰᠴᠤ ᠂ ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠬᠤ ᠳᠤ ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ ᠂ ᠥᠨᠳᠥᠷ ᠨᠠᠮᠢᠷᠠᠯᠠ ᠃ ᠲᠠᠷᠠᠭ᠎ᠠ ᠨᠢ ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠂ ᠤᠷᠢᠨ ᠳᠤᠯᠠᠭᠠᠨ ᠬᠤᠳᠠ ᠶᠢᠨ ᠪᠣᠯᠵᠤᠭ᠎ᠠ ︾ ᠪᠠᠷ ᠭᠤᠣᠯ ᠰᠡᠳᠦᠪ ᠪᠤᠯᠭᠠᠬᠰᠠᠨ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠬᠠᠪᠤᠲᠠᠢ ᠰᠠᠶᠢᠬᠠᠨ ᠶᠠᠪᠤᠭᠳᠠᠯ᠎ᠠ ᠃ ᠲᠣᠬᠯᠠᠯᠲᠠ ᠨᠢ ᠣᠷᠣᠰᠢᠯ ᠵᠢᠴᠢ ᠠᠭᠤᠯᠠ ᠤᠰᠤ ᠪᠠᠨ ︽ᠨᠣᠮᠢᠨ ᠨᠣᠭᠤᠭᠠᠨ ︾ ᠢᠶᠠᠷ ᠪᠤᠳᠤᠭᠯᠠᠵᠤ ᠂ ᠢᠷᠡᠭᠡᠳᠦᠢ ᠪᠠᠨ ︽ᠡᠨᠧᠷᠭᠢ ︾ ᠪᠠᠷ ᠴᠣᠭᠴᠠᠯᠠᠵᠤ ᠂ ᠲᠦᠮᠡᠨ ᠡᠷᠦᠭᠡ ᠶᠢ ᠪᠤᠶᠠᠨ ᠬᠡᠰᠢᠭ ᠢᠶᠠᠷ ᠢᠪᠡᠭᠡᠵᠦ ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ ᠬᠡᠮᠡᠬᠦ 5 ᠬᠡᠰᠡᠭ ᠢᠶᠠᠷ ᠪᠦᠷᠢᠯᠳᠦᠵᠦ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠪᠠᠲᠤ ᠴᠢᠩᠭ᠎ᠠ ᠰᠡᠳᠬᠢᠯ ᠤᠨ ᠲᠠᠭᠤᠨ ᠢ ᠠᠮᠢᠳᠤᠯᠢᠭ ᠢᠶᠠᠷ ᠢᠯᠡᠳᠬᠡᠵᠦ ᠂ ᠪᠦᠭᠦ ᠣᠷᠣᠨ ᠳᠠᠶᠠᠭᠠᠷ ᠢᠶᠠᠨ ︽ᠬᠤᠶᠠᠷ ᠶᠡᠭᠡ ᠶᠠᠪᠤᠳᠠᠯ ︾ ᠢ ᠡᠷᠡᠰ ᠰᠠᠶᠢᠲᠤᠷ ᠬᠢᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠣᠮᠤᠭ ᠵᠣᠷᠢᠭ ᠢ ᠭᠦᠢᠴᠡᠳ ᠢᠯᠡᠷᠡᠭᠦᠯᠪᠡ ᠃




21 ᠴᠠᠭ 50 ᠮᠢᠨᠦ᠋ᠲ ᠤᠨ ᠦᠶ᠎ᠡ ᠪᠠᠷ ᠂ ᠭᠠᠯ ᠪᠠᠮᠪᠠᠷᠴᠢᠨ ᠵᠠᠭᠤᠨᠨᠠᠮᠤᠷ ᠮᠣᠷᠢ ᠤᠨᠤᠵᠤ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ ᠢ ᠨᠣᠴᠣᠭᠠᠬᠤ ᠳᠤ ᠰᠣᠯᠣᠩᠭᠠᠨ ᠥᠩᠭᠡᠲᠦ ᠬᠤᠸᠠᠷ ᠫᠤᠤᠵᠢᠩ ᠭᠡᠷᠡᠯᠳᠦᠨ ᠰᠠᠴᠤᠷᠠᠵᠤ ᠂ ᠲᠤᠬᠠᠢ ᠶᠢᠨ ᠲᠠᠯᠠᠪᠠᠢ ᠬᠤᠷᠣᠮᠬᠠᠨ ᠵᠠᠭᠤᠷ᠎ᠠ ᠪᠠᠶᠠᠷ ᠪᠠᠶᠠᠰᠬᠤᠯᠠᠩ ᠢᠶᠠᠷ ᠪᠢᠯᠬᠠᠯ᠎ᠠ ᠃
ᠪᠦᠭᠦ ᠣᠷᠣᠨ ᠤ ᠲᠠᠮᠢᠷ ᠤᠨ ᠴᠤᠭᠯᠠᠭᠠᠨ ᠪᠣᠯ ᠥᠪᠥᠷ ᠮᠣᠩᠭᠤᠯ ᠤᠨ ᠬᠡᠪᠴᠢᠶ᠎ᠡ ᠪᠠᠷ ᠬᠠᠮᠤᠭ ᠤᠨ ᠶᠡᠭᠡ ᠂ ᠥᠷᠢᠰᠦᠯᠳᠦᠭᠡᠨ ᠤ ᠲᠦᠪᠰᠢᠨ ᠢᠶᠠᠷ ᠬᠠᠮᠤᠭ ᠤᠨ ᠴᠢᠩᠭ᠎ᠠ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠦᠪᠡᠳᠡᠭᠰᠢ ᠴᠤᠭᠯᠠᠭᠠᠨ ᠪᠣᠯᠣᠨ᠎ᠠ ᠂ ᠲᠣᠰ ᠬᠤᠭᠤᠴᠠᠭᠠᠨ ᠳᠤ ᠨᠡᠶᠢᠲᠡ 44 ᠶᠡᠭᠡ ᠲᠥᠷᠥᠯ ᠂ 1232 ᠪᠠᠭ᠎ᠠ ᠲᠥᠷᠥᠯ ᠲᠣᠬᠢᠷᠠᠭᠤᠯᠵᠤ ᠂ ᠤᠷᠤᠯᠳᠤᠭᠠᠨ ᠳᠤ ᠣᠷᠣᠯᠴᠠᠬᠰᠠᠨ ᠬᠥᠮᠥᠨ ᠤ ᠲᠤᠭ᠎ᠠ 1.5 ᠲᠦᠮᠡᠨ ᠬᠥᠮᠥᠨ ᠤᠳᠠᠭ᠎ᠠ ᠳᠤ ᠬᠦᠷᠴᠡᠢ ᠃ ᠣᠷᠳᠣᠰ ᠤᠨ ᠭᠤᠣᠯ ᠤᠷᠤᠯᠳᠤᠭᠠᠨ ᠤ ᠲᠣᠭᠤᠷᠢᠭ ᠠᠴᠠ ᠭᠠᠳᠠᠨ᠎ᠠ ᠪᠠᠰᠠ ᠭᠦᠭᠡᠬᠤᠲᠠ ᠂ ᠬᠥᠯᠥᠨ ᠪᠤᠶᠢᠷ ᠂ ᠤᠯᠠᠭᠠᠨᠴᠠᠪ ᠂ ᠤᠯᠠᠭᠠᠨᠬᠠᠳᠠ ᠪᠣᠯᠣᠨ ᠭᠢᠷᠢᠨ ᠮᠤᠵᠢ ᠶᠢᠨ ᠴᠠᠩ ᠪᠠᠢ ᠱᠠᠨ ︵ᠴᠡᠨᠡᠯᠡᠯᠳᠡ ᠶᠢᠨ ᠲᠥᠷᠥᠯ ᠵᠦᠢᠯ︶ ᠵᠡᠷᠭᠡ 5 ᠬᠤᠪᠢᠶᠠᠷᠢ ᠤᠷᠤᠯᠳᠤᠭᠠᠨ ᠤ ᠲᠣᠭᠤᠷᠢᠭ ᠲᠣᠬᠢᠷᠠᠭᠤᠯᠵᠠᠢ ᠃