︽ᠤᠤᠯ ᠨᠢ ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠤᠯᠭᠠᠬᠤ ᠳᠤ ᠡᠷᠬᠡᠪᠰᠢ ᠳᠠᠩᠰᠠᠯᠠᠭᠤᠯᠤᠭᠰᠠᠨ ᠭᠠᠵᠠᠷ ᠲᠠᠭᠠᠨ ᠬᠦᠷᠴᠦ ᠭᠦᠢᠴᠡᠳᠬᠡᠬᠦ ᠬᠡᠷᠡᠭᠲᠡᠢ ᠭᠡᠵᠦ ᠪᠤᠳᠣᠵᠤ ᠪᠠᠶᠢᠭᠰᠠᠨ ᠪᠣᠯ᠂ ᠥᠨᠥ ᠰᠠᠭᠤᠭ᠎ᠠ ᠭᠠᠵᠠᠷ ᠲᠠᠭᠠᠨ ᠭᠦᠢᠴᠡᠳᠬᠡᠴᠢᠬᠡᠨᠡ ᠭᠡᠵᠦ ᠪᠤᠳᠣᠵᠤ ᠣᠯᠣᠭᠰᠠᠨ ᠦᠭᠡᠢ᠂ ᠡᠨᠡ ᠨᠢ ᠦᠨᠡᠬᠡᠷ ᠳᠥᠭᠦᠮ ᠪᠣᠯᠵᠠᠢ︾ ᠣᠶᠢᠷ᠎ᠠ ᠳᠤ᠂ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠨᠳᠣᠣ ᠭᠠᠵᠠᠷ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠭᠰᠡᠨ ᠸᠠᠩ ᠠᠪᠠᠭ᠋ᠠᠢ ︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠡᠷᠡᠬᠡᠢ ᠭᠠᠷᠭᠠᠨ ᠮᠠᠭᠲᠠᠨ᠎ᠠ᠃
︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ ᠪᠣᠯ ᠵᠥᠪᠭᠡᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠰᠠᠶᠢᠲᠤᠷ ᠠᠳᠬᠤᠭᠰᠠᠨ ᠤ ᠨᠢᠭᠡᠨ ᠬᠤᠷᠢᠶᠠᠩᠭᠤᠢ ᠳᠦᠷᠰᠦ ᠪᠣᠯᠣᠨ᠎ᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠭᠤᠣᠯ ᠰᠡᠳᠦᠪᠲᠦ ᠬᠥᠮᠦᠵᠢᠯ ᠢ ᠲᠤᠬᠠᠶᠢᠯᠠᠭᠰᠠᠨ ᠠᠵᠢᠯ ᠯᠤᠭ᠎ᠠ ᠭᠦᠨᠵᠡᠭᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡ ᠪᠦᠯᠦᠭ ᠬᠦᠴᠢᠷ ᠲᠦᠪᠡᠭᠲᠡᠢ ᠲᠦᠭᠵᠢᠷᠡᠯ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃
ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠰᠠᠭᠤᠷᠢ ᠲᠤᠭ᠎ᠠ ᠨᠢ ᠲᠣᠳᠣᠷᠬᠠᠢ ᠦᠭᠡᠢ᠂ ᠴᠢᠭᠯᠡᠯ ᠨᠢ ᠲᠣᠳᠣᠷᠬᠠᠢ ᠦᠭᠡᠢ᠂ ᠭᠠᠷᠳᠠᠴᠠ ᠨᠢ ᠪᠣᠳᠠᠲᠠᠢ ᠪᠢᠰᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠭᠦᠢᠴᠡᠳ ᠪᠠᠶᠢᠴᠠᠭᠠᠨ ᠰᠤᠳᠤᠯᠤᠯᠲᠠ ᠪᠠ ᠨᠤᠲᠠᠯᠠᠯᠲᠠ ᠬᠢᠬᠦ ᠪᠠᠷ ᠲᠠᠮᠵᠢᠨ᠂ ᠡᠯ᠎ᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ︽ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ︾ ᠪᠣᠯᠣᠨ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠢᠨᠠᠨ ᠬᠡᠮᠵᠢᠬᠦ ᠲᠠᠪᠴᠠᠩ ᠤᠨ ᠪᠠᠶᠢᠭᠤᠯᠤᠯᠲᠠ ᠶᠢᠨ ᠰᠡᠳᠬᠢᠮᠵᠢ ᠶᠢ ᠰᠤᠳᠤᠯᠤᠨ ᠳᠤᠷᠠᠳᠪᠠ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ︽ᠭᠤᠷᠪᠠᠨ ᠨᠠᠷᠢᠨ ᠲᠠᠩᠰᠠ︾ ᠶᠢᠨ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠢ ᠪᠠᠶᠢᠭᠤᠯᠬᠤ ᠲᠥᠰᠥᠯ ᠪᠠ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠠᠵᠢᠯ ᠤᠨ ᠲᠥᠰᠥᠯ ᠢ ᠨᠠᠶᠢᠷᠠᠭᠤᠯᠤᠨ ᠵᠣᠬᠢᠶᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠰᠠ ︽ᠠᠷᠠᠳ ᠤᠨ ᠰᠠᠨᠠᠭ᠎ᠠ ᠶᠢ ᠣᠶᠢᠯᠠᠭᠠᠬᠤ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ︽ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠪᠤᠯᠤᠩ︾᠂ ︽ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠲᠣᠭᠤᠷᠢᠭ︾ ᠪᠠ ︽ᠠᠵᠤ ᠠᠬᠤᠶᠢᠯᠠᠯ ᠢ ᠲᠤᠰᠠᠯᠠᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠲᠤᠰᠬᠠᠢ ᠲᠣᠭᠤᠷᠢᠭ︾ ᠢ ᠰᠢᠨ᠎ᠡ ᠪᠠᠷ ᠪᠠᠶᠢᠭᠤᠯᠵᠤ᠂ ᠨᠡᠶᠢᠭᠡᠮ ᠤᠨ ᠳᠠᠭᠠᠳᠬᠠᠯ ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠠᠵᠢᠯ ᠠᠯᠳᠠᠯᠲᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠣᠯᠠᠨ ᠵᠦᠢᠯ ᠤᠨ ᠭᠤᠣᠯ ᠰᠡᠳᠦᠪᠲᠦ ᠦᠢᠯᠡᠴᠢᠯᠡᠭᠡ ᠶᠢ ᠬᠠᠮᠤᠷᠴᠠᠢ᠃ ᠣᠳᠣᠬᠠᠨ ᠪᠤᠯᠲᠠᠯ᠎ᠠ᠂ ᠪᠦᠭᠦ ᠣᠷᠣᠨ ᠳᠤ ᠡᠯ᠎ᠡ ᠲᠥᠷᠥᠯ ᠤᠨ ᠣᠨᠴᠠᠯᠢᠭᠲᠤ ᠲᠤᠰᠬᠠᠢ ᠰᠡᠳᠦᠪᠲᠦ ᠦᠢᠯᠡᠴᠢᠯᠡᠭᠡ ᠶᠢ ᠨᠡᠶᠢᠲᠡ 2640 ᠪᠠᠶᠢᠭᠤᠯᠵᠤ᠂ ᠣᠨᠴᠠᠯᠢᠭᠲᠤ ᠬᠡᠷᠡᠭᠯᠡᠭᠡᠨ ᠤ ᠵᠦᠢᠯ ᠢ ᠨᠡᠶᠢᠲᠡ 1119 ᠵᠠᠯᠭᠠᠨ ᠣᠷᠣᠭᠤᠯᠪᠠ᠃
ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠪᠣᠯ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠣᠨ᠎ᠠ᠂ ᠠᠰᠠᠭᠤᠳᠠᠯ ᠢ ᠪᠠᠶᠢᠴᠠᠭᠠᠨ ᠦᠵᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ︽ᠦᠷ᠎ᠡ ᠪᠦᠲᠦᠮᠵᠢ︾ ᠨᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠭᠤᠳ ᠨᠥᠯᠥᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠨᠢ ᠰᠤᠷᠤᠯᠴᠠᠬᠤ᠂ ᠬᠠᠷᠢᠴᠠᠭᠤᠯᠬᠤ᠂ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠪᠠᠷᠢᠮᠲᠠᠯᠠᠵᠤ᠂ ︽1377︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠲᠣᠬᠢᠷᠠᠭᠤᠯᠬᠤ ᠠᠷᠭ᠎ᠠ ᠶᠢ ᠬᠡᠷᠡᠭᠯᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠤᠨ᠂ ᠠᠷᠠᠳ ᠣᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠦᠨ᠎ᠡ᠃
︽1377︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠲᠣᠬᠢᠷᠠᠭᠤᠯᠬᠤ ᠠᠷᠭ᠎ᠠ ᠶᠢᠨ ︽1︾ ᠭᠡᠳᠡᠭ ᠨᠢ ᠨᠢᠭᠡ ᠳᠡᠪᠲᠡᠷ ᠡᠬᠡ ᠲᠠᠩᠰᠠ ᠪᠠᠶᠢᠭᠤᠯᠵᠤ᠂ ᠭᠤᠣᠯᠳᠠᠭᠤ 4 ᠲᠠᠯ᠎ᠠ᠂ 15 ᠠᠰᠠᠭᠤᠳᠠᠯ ᠵᠢᠴᠢ 34 ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤ ᠬᠤᠯᠪᠣᠭᠳᠠᠵᠤ᠂ ᠠᠰᠠᠭᠤᠳᠠᠯ ᠢ ᠪᠠᠶᠢᠴᠠᠭᠠᠨ ᠦᠵᠡᠬᠦ ᠠᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠠᠷᠠᠯᠲᠠ᠂ ᠴᠠᠭ ᠤᠨ ᠬᠢᠵᠠᠭᠠᠷ᠂ ᠬᠠᠷᠢᠭᠤᠴᠠᠯᠭᠠᠲᠠᠨ ᠤ ᠪᠦᠷᠢᠨ ᠪᠦᠲᠦᠨ ᠴᠡᠭᠴᠡᠯᠡᠨ ᠰᠠᠶᠢᠵᠢᠷᠠᠭᠤᠯᠬᠤ ᠬᠡᠯᠬᠢᠶ᠎ᠡ ᠶᠢ ᠪᠦᠷᠢᠯᠳᠦᠭᠦᠯᠵᠡᠶ︔ ︽3︾ ᠭᠡᠳᠡᠭ ᠨᠢ ᠭᠤᠷᠪᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠂ ᠨᠢᠭᠡ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠵᠤ᠂ ᠠᠰᠠᠭᠤᠳᠠᠯ ᠨᠢᠭᠡ ᠪᠦᠷᠢ ᠳᠤ ᠨᠢᠭᠡ ᠤᠳᠤᠷᠢᠳᠬᠤ ᠪᠠᠭ ᠤᠨ ᠪᠦᠷᠢᠯᠳᠦᠭᠦᠨ ᠢᠶᠠᠷ ᠲᠦᠷᠦᠭᠦᠯᠡᠨ ᠬᠠᠷᠢᠭᠤᠴᠠᠭᠤᠯᠵᠤ᠂ ᠪᠦᠬᠦᠯᠢ ᠴᠣᠭᠴᠠ ᠪᠠᠷ ᠨᠢ ᠲᠦᠯᠬᠢᠨ ᠠᠭᠢᠭᠤᠯᠤᠨ᠎ᠠ︔ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠭᠠᠭᠠᠨ ᠰᠢᠢᠳᠪᠦᠷᠢᠯᠡᠬᠦ ᠭᠠᠵᠠᠷ ᠪᠠ ᠲᠠᠰᠤᠭ ᠤᠨ ᠬᠢᠨ ᠲᠤᠰᠬᠠᠢ ᠬᠥᠮᠥᠨ ᠭᠦᠢᠴᠡᠳᠬᠡᠬᠦ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ︔ ᠭᠤᠷᠪᠠ ᠳᠤ᠂ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠪᠠᠭ ᠤᠨ ᠪᠦᠷᠢᠯᠳᠦᠭᠦᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢᠶᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠬᠢᠷᠠᠭᠤᠯᠤᠨ ᠠᠬᠢᠭᠤᠯᠪᠠ᠃ ︽77︾ ᠭᠡᠳᠡᠭ ᠨᠢ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠲᠤᠯᠤᠭᠠᠨ ᠡᠳᠦᠷ ᠤᠨ ᠳᠣᠲᠣᠷ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠪᠤᠢ ᠪᠤᠯᠭᠠᠵᠤ᠂ ᠠᠰᠠᠭᠤᠳᠠᠯ ᠨᠢᠭᠡᠪᠦᠷᠢ ᠶᠢ ᠲᠤᠯᠤᠭᠠᠨ ᠡᠳᠦᠷ ᠤᠨ ᠳᠣᠲᠣᠷ᠎ᠠ ᠡᠷᠬᠡᠪᠰᠢ ᠴᠡᠭᠴᠡᠯᠡᠨ ᠰᠠᠶᠢᠵᠢᠷᠠᠭᠤᠯᠬᠤ ᠰᠢᠨ᠎ᠡ ᠠᠬᠢᠴᠠ ᠲᠠᠢ ᠪᠣᠯᠭᠠᠨ᠎ᠠ᠃
ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠳᠤ ᠡᠷᠬᠡᠪᠰᠢ ︽ᠪᠠᠷᠢᠨ ᠴᠡᠭᠴᠡᠯᠡᠨ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠠᠴᠠ 15 ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠪᠠᠶᠢᠴᠠᠭᠠᠨ ᠡᠮᠬᠢᠯᠡᠵᠦ᠂ ᠣᠳᠣᠬᠠᠨ ᠳᠤ ᠨᠢᠭᠡᠨᠲᠡ 12 ᠢ ᠨᠢ ᠪᠡᠶᠡᠯᠡᠭᠦᠯᠵᠦ᠂ 4 ᠶᠢ ᠨᠢ ᠬᠠᠰᠤᠵᠤ᠂ 9 ᠵᠦᠢᠯ ᠤᠨ ᠳᠦᠷᠢᠮ ᠲᠣᠭᠲᠠᠭᠠᠯ ᠲᠣᠭᠲᠠᠭᠠᠵᠤ᠂ 8 ᠰᠠᠷ᠎ᠠ ᠶᠢᠨ ᠰᠡᠭᠦᠯᠴᠢ ᠪᠠᠷ ᠪᠦᠭᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠪᠠᠷ ᠲᠥᠯᠥᠪᠯᠡᠵᠦ᠂ ᠲᠣᠮᠣ ᠳ᠋ᠠᠶᠢᠲ᠋ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠪᠠ᠃