9 ᠰᠠᠷ᠎ᠠ ᠶᠢᠨ 7 ᠤ ᠦᠳᠡ ᠶᠢᠨ ᠬᠤᠶᠢᠨ᠎ᠠ ᠂ ᠣᠷᠳᠣᠰ ᠬᠤᠲᠠ ᠶᠢᠨ ᠬᠠᠩᠭᠢᠨ ᠬᠤᠰᠢᠭᠤᠨ ᠤ ᠳᠤᠭᠤᠶᠢᠳᠠᠯ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠳᠤ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠭᠠᠷᠴᠠᠢ ᠃ ᠣᠳᠣᠬᠠᠨ ᠪᠤᠯᠲᠠᠯ᠎ᠠ ᠂ ᠠᠳᠡᠯ ᠳᠤ 10 ᠬᠥᠮᠥᠨ ᠠᠳᠡᠵᠦ ᠂ 3 ᠬᠥᠮᠥᠨ ᠰᠢᠷᠬᠠᠲᠤᠵᠠᠢ ᠃

9 ᠰᠠᠷ᠎ᠠ ᠶᠢᠨ 8 ᠤ ᠦᠳᠡ ᠶᠢᠨ ᠬᠤᠶᠢᠨ᠎ᠠ ᠂᠂ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠤᠰᠬᠠᠶᠢᠯᠠᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠰᠢᠷᠬᠠᠲᠤᠭᠰᠠᠳ ᠢ ᠪᠣᠯᠭᠤᠭᠠᠨ ᠲᠣᠬᠤᠨᠢᠭᠤᠯᠪᠠ ᠃
ᠠᠳᠡᠯ ᠭᠠᠷᠤᠭᠰᠠᠨ ᠤ ᠳᠠᠷᠠᠭ᠎ᠠ ᠂ ᠣᠷᠣᠨ ᠤ ᠭᠠᠳᠠᠨ᠎ᠠ ᠬᠤᠷᠠᠯ ᠳᠤ ᠣᠷᠣᠯᠴᠠᠵᠤ ᠪᠠᠶᠢᠭᠰᠠᠨ ᠰᠦᠨ ᠱᠤᠤ ᠴᠧᠩ ᠰᠣᠨᠣᠰᠤᠭᠰᠠᠨ ᠳᠠᠷᠤᠢ ᠳᠠᠭᠠᠨ ᠴᠣᠬᠤᠯᠠᠪᠤᠷᠢ ᠥᠭᠴᠡᠢ ᠃ ᠲᠡᠷᠡ ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠠᠷᠤᠶᠢᠬᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠢ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ ᠂ ᠠᠳᠡᠯ ᠢ ᠲᠣᠬᠢᠲᠠᠢ ᠰᠢᠢᠳᠪᠦᠷᠢᠯᠡᠵᠦ ᠂ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠵᠦ ᠂ ᠲᠠᠭᠢᠨ ᠵᠠᠯᠭᠠᠭ᠎ᠠ ᠪᠠᠷ ᠭᠠᠮᠰᠢᠭ ᠡᠭᠦᠰᠬᠦ ᠶᠢ ᠰᠡᠷᠭᠡᠶᠢᠯᠡᠵᠦ ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ ᠂ ᠠᠳᠡᠭᠰᠡᠳ ᠰᠢᠷᠬᠠᠲᠤᠭᠰᠠᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠠᠵᠢᠯ ᠢ ᠰᠠᠶᠢᠲᠤᠷ ᠬᠢᠵᠦ ᠂ ᠠᠳᠡᠯ ᠤᠨ ᠰᠢᠯᠲᠠᠭᠠᠨ ᠢ ᠳᠠᠷᠤᠢ ᠲᠦᠷᠭᠡᠨ ᠪᠠᠶᠢᠴᠠᠭᠠᠨ ᠲᠣᠳᠣᠯᠠᠵᠤ ᠂ ᠨᠡᠶᠢᠭᠡᠮ ᠤᠨ ᠠᠩᠬᠠᠷᠤᠯ ᠳᠤ ᠬᠠᠷᠢᠭᠤ ᠲᠤᠰᠬᠠᠬᠤ ᠭᠡᠷᠡᠭᠲᠡᠶ ︔ ᠡᠯ᠎ᠡ ᠱᠠᠲᠤ ᠡᠯ᠎ᠡ ᠲᠠᠯ᠎ᠠ ᠶᠢᠨ ᠬᠢᠨ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠂ ᠬᠦᠴᠦᠲᠡᠢ ᠠᠷᠭ᠎ᠠ ᠬᠡᠮᠵᠢᠶ᠎ᠡ ᠠᠪᠴᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ ᠃
8 ᠤ ᠦᠳᠡ ᠶᠢᠨ ᠡᠮᠦᠨ᠎ᠡ ᠂ ᠣᠷᠣᠨ ᠤ ᠭᠠᠳᠠᠨ᠎ᠠ ᠠᠴᠠ ᠭᠦᠭᠡᠬᠤᠲᠠ ᠳᠤ ᠪᠤᠴᠠᠵᠤ ᠢᠷᠡᠭᠰᠡᠨ ᠰᠦᠨ ᠱᠤᠤ ᠴᠧᠩ ᠨᠢᠰᠬᠡᠯ ᠠᠴᠠ ᠪᠠᠭᠤᠮᠠᠭᠴᠠ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠢᠨᠠᠭᠰᠢᠳᠠ ᠲᠣᠬᠢᠷᠠᠭᠤᠯᠪᠠ ᠃ ᠣᠳᠣᠬᠠᠨ ᠳᠤ ᠠᠳᠡᠯ ᠤᠨ ᠲᠤᠬᠠᠢ ᠶᠢᠨ ᠲᠠᠯᠠᠪᠠᠢ ᠶᠢ ᠨᠢᠭᠡᠨᠲᠡ ᠴᠡᠪᠡᠷᠯᠡᠨ ᠳᠠᠭᠤᠰᠬᠠᠵᠤ ᠂ ᠠᠶᠤᠯ ᠤᠨ ᠡᠬᠢ ᠶᠢ ᠨᠢᠭᠡᠨᠲᠡ ᠠᠷᠢᠯᠭᠠᠭᠰᠠᠨ ᠪᠠᠶᠢᠨ᠎ᠠ ᠃ ᠰᠦᠨ ᠱᠤᠤ ᠴᠧᠩ ᠠᠳᠡᠯ ᠳᠤ ᠰᠢᠷᠬᠠᠲᠤᠭᠰᠠᠳ ᠤᠨ ᠪᠠᠶᠢᠳᠠᠯ ᠢ ᠮᠠᠰᠢ ᠬᠠᠯᠠᠮᠵᠢᠯᠠᠵᠤ ᠂ ᠲᠣᠰ ᠡᠳᠦᠷ ᠤᠨ ᠦᠳᠡ ᠶᠢᠨ ᠬᠤᠶᠢᠨ᠎ᠠ ᠲᠤᠰᠬᠠᠶᠢᠯᠠᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠰᠢᠷᠬᠠᠲᠤᠭᠰᠠᠳ ᠢ ᠪᠣᠯᠭᠤᠭᠠᠨ ᠲᠣᠬᠤᠨᠢᠭᠤᠯᠪᠠ ᠃ ᠡᠪᠡᠳᠴᠢᠲᠡᠨ ᠤ ᠥᠷᠥᠭᠡᠨ ᠳᠤ ᠣᠷᠣᠮᠠᠭᠴᠠ ᠂ ᠰᠦᠨ ᠱᠤᠤ ᠴᠧᠩ ᠰᠢᠷᠬᠠᠲᠤᠭᠰᠠᠳ ᠤᠨ ᠪᠠᠶᠢᠳᠠᠯ ᠪᠣᠯᠣᠨ ᠠᠪᠤᠷᠠᠨ ᠡᠮᠨᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠵᠤ ᠂ ᠳᠡᠳᠡᠨ ᠢ ᠰᠠᠨᠠᠭ᠎ᠠ ᠠᠮᠤᠷ ᠰᠢᠷᠬ᠎ᠠ ᠪᠠᠨ ᠰᠤᠪᠢᠯᠠᠵᠤ ᠂ ᠡᠷᠲᠡᠬᠡᠨ ᠡᠷᠡᠭᠦᠯᠵᠢᠭᠡᠷᠡᠢ ᠭᠡᠵᠦ ᠵᠠᠬᠢᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠮᠨᠡᠯᠭᠡ ᠶᠢᠨ ᠬᠤᠷᠢᠶ᠎ᠠ ᠶᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠰᠢᠷᠬᠠᠲᠤᠭᠰᠠᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃
ᠡᠨᠡ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠳᠡᠯ ᠤᠨ ᠲᠤᠬᠠᠢ ᠸᠠᠩ ᠯᠢ ᠰᠢᠶᠠ ᠪᠠᠰᠠ ᠴᠣᠬᠤᠯᠠᠪᠤᠷᠢ ᠥᠭᠴᠡᠢ ᠃ ᠰᠦᠨ ᠱᠤᠤ ᠴᠧᠩ ᠪᠣᠯᠣᠨ
ᠸᠠᠩ ᠯᠢ ᠰᠢᠶᠠ ᠶᠢᠨ ᠨᠠᠶᠢᠳᠠᠯᠭ᠎ᠠ ᠪᠠᠷ ᠂ ᠬᠤᠸᠠᠩ ᡁᠢ ᠴᠢᠶᠠᠩ ᠡᠷᠡᠭᠦᠯ ᠬᠠᠮᠠᠭᠠᠯᠠᠯ ᠡᠷᠡᠭᠦᠯ ᠮᠡᠨᠳᠤ ᠂ ᠪᠠᠴᠢᠮ ᠪᠠᠶᠢᠳᠠᠯ ᠢ ᠠᠷᠭᠠᠴᠠᠭᠠᠬᠤ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠳᠠᠷᠤᠢ ᠲᠦᠷᠭᠡᠨ ᠵᠣᠬᠢᠶᠠᠨ ᠪᠠᠶᠢᠭᠤᠯᠵᠤ ᠂ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ ᠃ ᠠᠳᠡᠯ ᠢ ᠰᠢᠢᠳᠪᠦᠷᠢᠯᠡᠬᠦ ᠶᠠᠪᠤᠴᠠ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ ᠂ 3 ᠰᠢᠷᠬᠠᠲᠤᠭᠰᠠᠳ ᠢ ᠨᠢᠭᠡᠨᠲᠡ ᠠᠮᠤᠷ ᠲᠦᠪᠰᠢᠨ ᠢᠶᠠᠷ ᠰᠢᠯᠵᠢᠭᠦᠯᠦᠨ ᠡᠮᠨᠡᠭᠦᠯᠪᠡ ᠃ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠨᠢᠭᠡᠨᠲᠡ ᠪᠠᠶᠢᠴᠠᠭᠠᠬᠤ ᠳᠤᠭᠤᠶᠢᠯᠠᠩ ᠪᠠᠶᠢᠭᠤᠯᠵᠤ ᠂ ᠶᠠᠭ ᠠᠳᠡᠯ ᠤᠨ ᠰᠢᠯᠲᠠᠭᠠᠨ ᠢ ᠪᠠᠶᠢᠴᠠᠭᠠᠵᠤ ᠂ ᠣᠷᠴᠢᠨ ᠲᠣᠭᠤᠷᠢᠨ ᠤ ᠨᠥᠯᠥᠭᠡᠯᠡᠯ ᠢ ᠰᠤᠳᠤᠯᠤᠨ ᠮᠠᠭᠠᠳᠯᠠᠵᠤ ᠪᠠᠶᠢᠨ᠎ᠠ ᠃ ᠣᠷᠳᠣᠰ ᠬᠤᠲᠠ ᠶᠢᠨ ᠬᠢᠨ ᠨᠢᠭᠡᠨᠲᠡ ᠠᠵᠢᠯᠯᠠᠬᠤ ᠳᠤᠭᠤᠶᠢᠯᠠᠩ ᠪᠠᠶᠢᠭᠤᠯᠵᠤ ᠂ ᠠᠳᠡᠯ ᠢ ᠰᠢᠢᠳᠪᠦᠷᠢᠯᠡᠬᠦ ᠂ ᠠᠳᠡᠯ ᠢ ᠪᠠᠶᠢᠴᠠᠭᠠᠬᠤ ᠪᠠ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠠᠵᠢᠯ ᠢ ᠢᠳᠡᠪᠬᠢᠲᠡᠢ ᠥᠷᠨᠢᠭᠦᠯᠵᠦ ᠪᠠᠶᠢᠨ᠎ᠠ ᠃
ᠬᠤᠸᠠᠩ ᡁᠢ ᠴᠢᠶᠠᠩ ᠂ ᠢᠦᠢ ᠯᠢ ᠰᠢᠨ ᠰᠢᠷᠬᠠᠲᠤᠭᠰᠠᠳ ᠢ ᠬᠠᠮᠲᠤ ᠪᠣᠯᠭᠤᠭᠠᠨ ᠦᠵᠡᠪᠡ ᠃