ᠰᠦᠨ ᠱᠤᠤ ᠴᠧᠩ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠵᠠᠩ ᠵᠢᠶᠦ᠋ᠨ ᠲᠠᠢ ᠪᠠᠷᠠᠳᠠᠨ ᠠᠭᠤᠯᠵᠠᠪᠠ
ᠨᠡᠶᠢᠲᠡᠯᠡᠭᠰᠡᠨ ᠴᠠᠭ᠄
2023/9/14

      9 ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠤᠷᠢᠶᠠᠨ ᠳᠠᠷᠤᠭ᠎ᠠ ᠵᠠᠩ ᠵᠢᠶᠦ᠋ᠨ ᠲᠠᠢ ᠪᠠᠷᠠᠳᠠᠨ ᠠᠭᠤᠯᠵᠠᠪᠠ ᠃

1.jpg


2.jpg

      9 ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠤᠷᠢᠶᠠᠨ ᠳᠠᠷᠤᠭ᠎ᠠ ᠵᠠᠩ ᠵᠢᠶᠦ᠋ᠨ ᠲᠠᠢ ᠪᠠᠷᠠᠳᠠᠨ ᠠᠭᠤᠯᠵᠠᠪᠠ ᠃

      ᠲᠤᠰ ᠰᠣᠨᠢᠨ ᠤ ᠰᠤᠷᠪᠤᠯᠵᠢᠯᠠᠬᠴᠢ  ᠮᠠ ᠵᠢᠶᠠᠨ ᠴᠢᠤᠸᠠᠨ  ᠰᠡᠭᠦᠳᠡᠷᠯᠡᠪᠡ

      ᠵᠠᠩ ᠵᠢᠶᠦ᠋ᠨ ᠡᠩ ᠲᠡᠷᠢᠭᠦᠨ ᠳᠤ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠪᠠᠨ ᠲᠠᠨᠢᠯᠴᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠭᠦᠬᠦ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠮᠠᠭᠲᠠᠨ ᠰᠠᠶᠢᠰᠢᠶᠠᠵᠤ ᠂ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ ᠰᠢᠭᠦᠨ ᠲᠠᠰᠤᠯᠬᠤ ᠠᠵᠢᠯ ᠢ ᠨᠤᠲᠠᠯᠠᠪᠠ ᠃ ᠲᠡᠷᠡ ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ ᠂ ᠪᠢᠳᠡ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ ᠠᠵᠢᠯ ᠤᠨ ᠣᠯᠣᠭᠰᠠᠨ ᠠᠮᠵᠢᠯᠲᠠ ᠪᠦᠲᠦᠮᠵᠢ ᠶᠢ ᠪᠡᠶᠡᠴᠢᠯᠡᠨ ᠮᠡᠳᠡᠷᠡᠵᠦ ᠂ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ ᠺᠠᠳ᠋ᠷ ᠤᠨ ᠪᠡᠶ᠎ᠡ ᠳᠡᠭᠡᠷᠡᠬᠢ ᠠᠵᠢᠯ ᠬᠢᠵᠦ ᠦᠢᠯᠡᠰ ᠴᠣᠭᠴᠠᠯᠠᠬᠤ ᠴᠤᠭ ᠵᠢᠪᠬᠤᠭ᠎ᠠ ᠶᠢ ᠮᠡᠳᠡᠷᠡᠪᠡ ᠃ ᠬᠠᠤᠯᠢᠵᠢᠯ ᠤᠨ ᠪᠠᠶᠢᠭᠤᠯᠤᠯᠲᠠ ᠨᠢ ᠡᠴᠦᠰ ᠲᠤᠨᠢ ᠲᠤᠯᠲᠠᠯ᠎ᠠ ᠠᠳᠬᠤᠵᠤ ᠂ ᠨᠢᠭᠡᠨᠲᠡ ᠪᠠᠶᠢᠭ᠎ᠠ ᠡᠪᠡᠳᠴᠢᠨ ᠢ ᠵᠠᠰᠠᠬᠤ ᠪᠠᠷ ᠪᠠᠷᠠᠬᠤ ᠦᠭᠡᠢ ᠪᠠᠰᠠ ᠡᠬᠢᠨ ᠠᠴᠠ ᠨᠢ ᠠᠳᠬᠤᠵᠤ ᠂ ᠡᠪᠡᠳᠴᠢᠯᠡᠭᠡᠳᠦᠢ ᠶᠢ ᠵᠠᠰᠠᠬᠤ ᠬᠡᠷᠡᠭᠲᠡᠢ ᠂ ᠥᠪᠥᠷ ᠮᠣᠩᠭᠤᠯ ᠡᠬᠢ ᠡᠭᠦᠰᠦᠯ ᠠᠴᠠ ᠨᠢ ᠵᠠᠰᠠᠬᠤ ᠶᠢ ᠠᠳᠬᠤᠬᠤ ᠲᠠᠯ᠎ᠠ ᠪᠠᠷ ᠴᠥᠭᠡᠨ ᠪᠤᠰᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠦᠷᠢᠯᠳᠦᠭᠦᠯᠵᠡᠢ ᠃ ᠠᠷᠠᠳ ᠤᠨ ᠳᠡᠭᠡᠳᠦ ᠰᠢᠭᠦᠬᠦ ᠬᠤᠷᠢᠶ᠎ᠠ ᠳ᠋ᠦᠩᠨᠡᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ ᠂ ᠡᠯ᠎ᠡ ᠭᠠᠵᠠᠷ ᠤᠨ ᠬᠢᠨ ᠤ ᠡᠬᠢ ᠡᠭᠦᠰᠦᠯ ᠠᠴᠠ ᠨᠢ ᠵᠠᠰᠠᠬᠤ ᠶᠢ ᠢᠳᠡᠪᠬᠢᠲᠡᠢ ᠠᠬᠢᠭᠤᠯᠵᠤ ᠂ 

︽ᠹᠧᠩᠴᠢᠶᠣᠤ ᠶᠢᠨ ᠲᠤᠷᠰᠢᠯᠭ᠎ᠠ ︾  ᠶᠢ ᠰᠠᠶᠢᠲᠤᠷ ᠦᠢᠯᠡᠳᠦᠯᠭᠡᠵᠢᠭᠦᠯᠵᠦ ᠂ ᠵᠥᠷᠢᠴᠡᠯ ᠵᠠᠭᠤᠷᠠᠯᠳᠤᠭᠠᠨ ᠢ ᠰᠠᠶᠢᠲᠤᠷ ᠠᠷᠢᠯᠭᠠᠵᠤ ᠂ ᠵᠠᠷᠭᠤ ᠶᠢᠨ ᠨᠡᠮᠡᠭᠳᠡᠯ ᠢ ᠪᠠᠭᠠᠰᠬᠠᠵᠤ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠩ ᠰᠠᠶᠢᠲᠤᠷ ᠪᠣᠳᠠᠲᠠᠢ ᠳᠤ ᠨᠠᠶᠢᠳᠠᠪᠤᠷᠢᠵᠢᠭᠤᠯᠤᠨ᠎ᠠ ᠭᠡᠪᠡ ᠃

      ᠰᠦᠨ ᠱᠤᠤ ᠴᠧᠩ ᠵᠠᠩ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠥᠪᠥᠷ ᠮᠣᠩᠭᠤᠯ ᠳᠤ ᠥᠭᠭᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠰᠡᠳᠬᠢᠴᠡ ᠪᠣᠯᠣᠨ ᠠᠷᠭ᠎ᠠ ᠬᠡᠮᠵᠢᠶ᠎ᠡ ᠶᠢ ᠲᠠᠨᠢᠯᠴᠠᠭᠤᠯᠪᠠ ᠃ ᠲᠡᠷᠡ ᠂ ᠡᠨᠡ ᠬᠤᠶᠠᠷ ᠵᠢᠯ ᠳᠤ ᠪᠢᠳᠡ ᠬᠠᠨᠳᠤᠯᠭᠠᠲᠤ ᠴᠢᠨᠠᠷᠲᠠᠢ ᠬᠡᠰᠡᠭ ᠠᠷᠭ᠎ᠠ ᠬᠡᠮᠵᠢᠶ᠎ᠡ ᠠᠪᠴᠤ ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ ᠃ ᠪᠢᠳᠡ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ ᠂ ᠲᠣᠭᠲᠠᠴᠠ ᠪᠠᠶᠢᠭᠤᠯᠬᠤ ᠪᠠᠷ ᠳᠠᠮᠵᠢᠭᠤᠯᠤᠨ ︽ᠠᠷᠪᠠᠨ ᠶᠡᠭᠡ ᠬᠢᠨᠠᠯᠲᠠ ︾  ᠶᠢ ᠨᠡᠪᠲᠡᠷᠡᠯᠴᠡᠭᠦᠯᠦᠨ ᠵᠣᠬᠢᠴᠠᠭᠤᠯᠬᠤ ᠪᠠ ᠲᠥᠯᠥᠭᠡᠯᠡᠭᠴᠢ ᠭᠡᠰᠢᠭᠦᠳ ᠤᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠤ ᠂ ᠨᠡᠶᠢᠭᠡᠮ ᠤᠨ ᠵᠠᠰᠠᠯᠲᠠ ᠶᠢ ᠬᠦᠴᠦᠯᠡᠨ ᠴᠢᠩᠭᠠᠳᠬᠠᠪᠠ ᠃ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠨᠡᠩ ᠤᠯᠠᠨ ᠵᠢᠯᠣᠭᠤᠳᠤᠯᠭ᠎ᠠ ᠥᠭᠴᠦ ᠂ ᠪᠢᠳᠠᠨ ᠢ ᠬᠠᠪᠰᠤᠷᠤᠨ ᠬᠠᠤᠯᠢᠵᠢᠯ ᠤᠨ ᠠᠵᠢᠯ ᠤᠨ ᠲᠦᠪᠰᠢᠨ ᠢ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠃ ᠪᠦᠭᠦ ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ᠵᠠᠷᠭᠤ ᠶᠢᠨ ᠡᠬᠢ ᠶᠢ ᠵᠠᠰᠠᠬᠤ ᠵᠡᠷᠭᠡ ᠲᠠᠯ᠎ᠠ ᠪᠠᠷ ᠭᠦᠨᠵᠡᠭᠡᠢ ᠰᠦᠪᠡᠭᠴᠢᠯᠡᠨ ᠦᠢᠯᠡᠳᠦᠯᠭᠡᠵᠢᠭᠦᠯᠵᠦ ᠂ ︽ᠫᠧᠩᠰᠡᠲᠦ ᠦᠵᠡᠮᠵᠢ ︾  ᠶᠢ ︽ᠤᠢ ᠰᠢᠭᠤᠢ ︾ ᠪᠣᠯᠭᠠᠨ ᠬᠤᠪᠢᠷᠠᠭᠤᠯᠤᠨ᠎ᠠ ᠭᠡᠪᠡ ᠃

      ᠶᠠᠩ ᠸᠧᠢ ᠳ᠋ᠦᠩ ᠂ ᠶᠠᠩ ᠽᠥᠩ ᠷᠧᠨ ᠠᠵᠢᠯᠯᠠᠭ᠎ᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ