ᠤᠯᠠᠭᠠᠨᠬᠠᠳᠠ ᠬᠤᠲᠠ᠄ ᠣᠶᠤᠨᠯᠢᠭ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠨᠢ ᠱᠠᠯᠠᠮᠠᠭᠠᠢ ᠬᠠᠯᠠᠭᠤᠮᠰᠤᠭ ᠮᠥᠷᠲᠡᠭᠡᠨ ᠥᠷᠭᠡᠨ ᠬᠦᠷᠢᠶ᠎ᠡ ᠲᠠᠢ
ᠨᠡᠶᠢᠲᠡᠯᠡᠭᠰᠡᠨ ᠴᠠᠭ᠄
2023/9/15

      ᠪᠥᠬᠦ ᠣᠷᠣᠨ ᠤ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ︽ᠠᠷᠠᠳ ᠲᠤ ᠲᠥᠬᠦᠮ ᠦᠵᠡᠭᠦᠯᠬᠦ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠠᠷᠢᠭᠤᠨ ᠴᠢᠬᠡᠴᠢ︾ ᠠᠷᠠᠳ  ᠲᠤ ᠦᠢᠯᠡᠴᠢᠯᠡᠬᠦ ᠣᠶᠢᠯᠠᠭᠠᠭᠳᠠᠬᠤᠨ ᠢᠶᠠᠷ ᠂ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠬᠤ ᠳᠤ ᠬᠦᠴᠦᠯᠡᠵᠦ ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠴᠣᠩᠬᠤᠪᠴᠢ ᠶᠢᠨ ᠦᠢᠯᠡᠴᠢᠯᠡᠭᠡᠨ ᠤ ᠴᠢᠳᠡᠪᠬᠢ ᠶᠢ ᠳᠡᠭᠡᠭᠰᠢᠯᠡᠭᠦᠯᠵᠦ᠂ ︽ ᠬᠠᠯᠠᠭᠤᠮᠰᠤᠭ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠥᠬᠦ ᠬᠦᠴᠦ ᠪᠠᠷ ᠢᠶᠠᠨ ᠪᠠᠶᠢᠭᠤᠯᠪᠠ᠃

      ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ ︾ ᠠᠵᠢᠯ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2021 ᠣᠨ ᠤ 10 ᠳ᠋ᠤᠭᠠᠷ ᠰᠠᠷ᠎ᠠ ᠠᠴᠠ ᠨᠠᠭᠠᠰᠢ ᠂ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ︽ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠳᠦᠷᠢᠮ︾ ᠤᠨ ᠭᠠᠷᠲᠠᠨ ᠭᠦᠢᠴᠡᠳᠬᠡᠬᠦ ᠬᠡᠯᠪᠡᠷᠢ ᠶᠢ ᠡᠬᠢᠯᠡᠨ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ 110 ᠦᠢᠯᠡᠴᠢᠯᠡᠭᠡ ᠶᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ ︾ ︽ᠨᠢᠭᠡ ᠯᠡ ᠤᠳᠠᠭ᠎ᠠ ᠮᠡᠳᠡᠭᠳᠡᠬᠦ︾ ᠶᠢ ᠪᠡᠶᠡᠯᠡᠭᠦᠯᠪᠡ᠃ ᠂ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ︽ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠳᠦᠷᠢᠮ︾ ᠢᠶᠠᠷ ᠳᠠᠮᠵᠢᠭᠤᠯᠤᠨ ᠨᠡᠶᠢᠲᠡ 99.6 ᠲᠦᠮᠡᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 97% ᠳᠤ ᠬᠦᠷᠴᠦ ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠳᠤ ᠮᠠᠰᠢ ᠶᠡᠭᠡ ᠲᠥᠬᠦᠮ ᠦᠵᠡᠭᠦᠯᠦᠭᠰᠡᠨ ᠪᠠᠶᠢᠨ᠎ᠠ᠃

      ︽ ᠲᠤᠰᠠᠯᠠᠬᠤ ᠪᠠ ᠣᠷᠣᠯᠠᠨ ᠭᠦᠢᠴᠡᠳᠭᠡᠭᠴᠢ ︾ ᠨᠢ ᠬᠦᠴᠢᠷᠳᠡᠯ ᠲᠠᠢ ᠤᠯᠠᠨ ᠲᠦᠮᠡᠨ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠪᠠᠶᠢᠨ᠎ᠠ᠃ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ︽ᠲᠤᠰᠠᠯᠠᠬᠤ ᠪᠠ ᠣᠷᠣᠯᠠᠨ ᠭᠦᠢᠴᠡᠳᠬᠡᠬᠦ︾ ᠲᠤᠰᠬᠠᠢ ᠴᠣᠩᠬᠤᠪᠴᠢ ᠭᠠᠷᠭᠠᠵᠤ᠂ ᠠᠵᠢᠯᠲᠠᠳ  ᠨᠢ ︽ᠲᠤᠰᠠᠯᠠᠬᠤ ᠪᠠ ᠣᠷᠣᠯᠠᠨ ᠭᠦᠢᠴᠡᠳᠭᠡᠭᠴᠢ︾   ᠶᠢᠨ ᠲᠡᠮᠳᠡᠭ ᠵᠡᠭᠦᠵᠦ᠂ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠬᠠᠷᠢᠯᠴᠠᠭ᠎ᠠ ᠵᠣᠬᠢᠴᠠᠭᠤᠯᠬᠤ ᠂ ᠪᠥᠬᠦ ᠶᠠᠪᠤᠴᠠ ᠶᠢ ᠮᠥᠰᠬᠢᠬᠦ ᠵᠡᠷᠭᠡ ᠦᠢᠯᠡᠴᠢᠯᠡᠭᠡ ᠬᠠᠩᠭᠠᠵᠦ ᠪᠠᠶᠢᠨ᠎ᠠ ᠃ ᠠᠵᠢᠯᠲᠠᠳ ᠠᠵᠤ ᠠᠬᠤᠶᠢᠯᠠᠯ ᠤᠨ ᠵᠥᠪᠰᠢᠶᠡᠷᠡᠯ ᠢᠶᠠᠷ ᠂ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠪᠥᠬᠦ ᠶᠠᠪᠤᠴᠠ ᠶᠢ ᠮᠥᠰᠬᠢᠬᠦ ᠦᠢᠯᠡᠴᠢᠯᠡᠭᠡ ᠦᠵᠡᠭᠦᠯᠵᠦ ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠤᠳᠠᠯᠳᠤᠭᠠᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠠᠢ ᠃

      ︽ ᠴᠠᠭ ᠢ ᠤᠷᠲᠤᠳᠬᠠᠨ ᠭᠦᠢᠴᠡᠳᠬᠡᠬᠦ︾  ᠨᠢ ᠣᠯᠠᠨ ᠲᠦᠮᠡᠨ ᠳᠤ ᠰᠡᠳᠬᠢᠯ ᠳᠤ ᠣᠶᠢᠷ᠎ᠠ ᠪᠠᠷ ᠦᠢᠯᠡᠴᠢᠯᠡᠵᠦ ᠪᠠᠶᠢᠨ᠎ᠠ᠃ ᠵᠠᠷᠢᠮ ᠬᠥᠮᠥᠰ ᠤᠨ ︽ᠠᠵᠢᠯᠯᠠᠬᠤ ᠴᠠᠭ ᠢᠶᠠᠷ ᠭᠦᠢᠴᠡᠳᠬᠡᠬᠦ ᠵᠠᠪ ᠦᠭᠡᠢ᠂ ᠠᠮᠠᠷᠠᠬᠤ ᠴᠠᠭ ᠢᠶᠠᠷ ᠭᠦᠢᠴᠡᠳᠬᠡᠬᠦ ᠭᠠᠵᠠᠷ ᠦᠭᠡᠢ︾ ᠪᠠᠶᠢᠭ᠎ᠠ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ  ᠨᠢ ᠭᠠᠷᠠᠭ ᠤᠨ ᠰᠡᠭᠦᠯᠴᠢ ᠶᠢᠨ ︽ᠴᠠᠭ ᠢ ᠤᠷᠲᠤᠳᠬᠠᠬᠤ ᠦᠢᠯᠡᠴᠢᠯᠡᠭᠡ︾ ᠶᠢ ᠢᠳᠡᠪᠬᠢᠲᠡᠢ ᠬᠡᠷᠡᠭᠵᠢᠭᠦᠯᠵᠦ᠂ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨ᠎ᠡ ᠦᠢᠯᠡᠴᠢᠯᠡᠭᠡ ᠪᠠᠨ ᠨᠡᠭᠡᠭᠡᠯᠲᠡ ᠲᠠᠢ ᠪᠠᠶᠢᠯᠭᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ 110 ᠦᠢᠯᠡᠴᠢᠯᠡᠭᠡ ᠶᠢ ᠴᠥᠮ ᠬᠡᠪ   ᠢᠶᠠᠷ ᠭᠥᠯᠢᠶᠡᠨ ᠠᠪᠴᠤ ᠪᠣᠯᠬᠤ ᠪᠥᠭᠡᠳ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠦᠨᠳᠦᠰᠦᠯᠡᠨ ᠦᠢᠯᠡᠴᠢᠯᠡᠭᠡᠨ ᠤ ᠴᠣᠩᠬᠤᠪᠴᠢ ᠶᠢ ᠴᠠᠭ ᠲᠤᠬᠠᠢ ᠳᠤ  ᠨᠢ ᠨᠡᠮᠡᠵᠦ ᠂ ᠣᠯᠠᠨ ᠲᠦᠮᠡᠨ ᠳᠤ ᠨᠠᠩ ᠬᠠᠯᠠᠭᠤᠬᠠᠨ ᠂ ᠳᠥᠭᠦᠮᠬᠡᠨ ᠮᠥᠷᠲᠡᠭᠡᠨ ᠬᠦᠮᠦᠡᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡ ᠬᠦᠷᠭᠡᠵᠦ ᠪᠠᠶᠢᠨ᠎ᠠ᠃

      ︽ᠨᠢᠭᠡ ᠶᠠᠪᠤᠳᠠᠯ ᠢ ᠨᠢᠭᠡ ᠯᠡ ᠤᠳᠠᠭ᠎ᠠ ᠭᠦᠢᠴᠡᠳᠬᠡᠬᠦ ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ  ︽ ᠬᠢᠯᠪᠠᠷᠬᠠᠨ ︾ ᠪᠣᠯᠭᠠᠵᠠᠢ᠃ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠣᠯᠠᠨ ᠬᠤᠯᠪᠣᠭᠳᠠᠬᠤ ᠵᠦᠢᠯᠡᠰ ᠢ ᠨᠡᠶᠢᠯᠡᠭᠦᠯᠦᠭᠡᠳ

︽ᠨᠢᠭᠡ ᠶᠠᠪᠤᠳᠠᠯ︾ ᠪᠣᠯᠭᠠᠵᠤ᠂ ᠲᠥᠪᠯᠡᠷᠡᠭᠦᠯᠦᠨ ᠭᠦᠢᠴᠡᠳᠬᠡᠬᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠬᠡᠷᠡᠭ ᠭᠦᠢᠴᠡᠳᠬᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠬᠤᠭᠤᠴᠠᠭ᠎ᠠ ᠪᠠ ᠭᠦᠢᠴᠡᠳᠬᠡᠬᠦ ᠤᠳᠠᠭ᠎ᠠ ᠶᠢ ᠶᠡᠭᠡ ᠪᠠᠷ ᠪᠠᠭᠠᠰᠬᠠᠪᠠ᠃ ᠣᠳᠣᠬᠠᠨ ᠳᠤ᠂ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠠᠢ ᠬᠠᠮᠲᠤᠷᠠᠨ ︽ᠨᠠᠰᠤᠨ ᠤ ᠠᠮᠠᠷᠠᠯᠲᠠ ᠠᠪᠬᠤ ᠳᠤ ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾  ᠶᠢ ᠬᠡᠷᠡᠭᠵᠢᠭᠦᠯᠵᠦ᠂ ᠣᠯᠠᠨ ᠲᠦᠮᠡᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠴᠣᠩᠬᠤᠪᠴᠢ   ᠳᠤ ᠨᠠᠰᠤᠨ ᠤ ᠠᠮᠠᠷᠠᠯᠲᠠ ᠠᠪᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ  ᠳᠤ ᠪᠠᠨ ᠡᠮᠴᠢᠯᠡᠭᠡᠨ ᠤ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠯᠪᠣᠭᠳᠠᠬᠤ ᠵᠦᠢᠯᠡᠰ ᠢ ᠰᠣᠩᠭᠤᠨ ᠭᠦᠢᠴᠡᠳᠬᠡᠵᠦ ᠪᠣᠯᠣᠨ᠎ᠠ᠃ ︽ᠠᠵᠤ ᠠᠬᠤᠶᠢᠯᠠᠯ ᠤᠨ ᠠᠵᠢᠯᠲᠠᠨ ᠡᠯᠰᠡᠬᠦ‍ ᠨᠢᠭᠡ ᠶᠠᠪᠤᠳᠠᠯ︾ ︽ ᠤᠶᠠᠨ ᠬᠠᠳᠠᠨ ᠠᠵᠢᠯ ᠣᠯᠬᠤ ᠨᠢᠭᠡ ᠶᠠᠪᠤᠳᠠᠯ︾ ︽ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠢᠭᠡ ᠶᠠᠪᠤᠳᠠᠯ︾ ᠵᠡᠷᠭᠡ ᠶᠢ ᠵᠢᠯ ᠤᠨ ᠡᠴᠦᠰ ᠲᠤ ᠵᠠᠯᠭᠠᠭ᠎ᠠ ᠪᠠᠷ ᠬᠡᠷᠡᠭᠵᠢᠭᠦᠯᠬᠦ ᠪᠣᠯᠣᠨ᠎ᠠ᠃

      ︽ᠣᠶᠢᠷ᠎ᠠ ᠬᠠᠪᠢ ᠳᠤ ᠪᠠᠨ ᠭᠦᠢᠴᠡᠳᠬᠡᠬᠦ ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠠᠶᠢᠭᠤᠯᠪᠠ ᠃ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠢᠴᠢ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ︽ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠳᠦᠷᠢᠮ︾ ᠢ ᠳᠡᠯᠭᠡᠷᠡᠭᠦᠯᠦᠨ ᠬᠡᠷᠡᠭᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤ᠂ ᠣᠯᠠᠨ ᠲᠦᠮᠡᠨ ᠤ ᠳᠡᠷᠭᠡᠳᠡ ᠬᠦᠷᠲᠡᠯ᠎ᠡ ᠥᠷᠭᠡᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠦᠨᠳᠦᠰᠦᠨ ᠱᠠᠲᠤᠨ ᠳᠤ ︽ᠨᠢᠭᠡ ᠴᠣᠩᠬᠤᠪᠴᠢ ᠪᠠᠷ ᠭᠥᠯᠢᠶᠡᠨ ᠠᠪᠬᠤ︾ ︽ᠨᠢᠭᠡ ᠥᠷᠲᠡᠭᠡ ᠳᠤ ᠭᠦᠢᠴᠡᠳᠬᠡᠬᠦ︾ ᠶᠢ ᠪᠡᠶᠡᠯᠡᠭᠦᠯᠪᠡ ᠃ ᠣᠳᠣᠬᠠᠨ ᠳᠤ᠂ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠨᠡᠭᠡᠭᠡᠭᠳᠡᠵᠦ ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠣᠯᠠᠨ ᠲᠦᠮᠡᠨ ᠣᠶᠢᠷ᠎ᠠ ᠬᠠᠪᠢ ᠳᠤ ᠪᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ  ᠭᠦᠢᠴᠡᠳᠬᠡᠵᠦ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ