ᠤᠯᠠᠭᠠᠨᠴᠠᠪ ᠬᠤᠲᠠ ᠣᠷᠳᠣᠰ ᠬᠤᠲᠠ ᠬᠥᠯᠥᠨ ᠪᠤᠶᠢᠷ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15

 

      9 ᠰᠠᠷ᠎ᠠ ᠶᠢᠨ 13 ᠤ ᠡᠳᠦᠷ᠂ ᠤᠯᠠᠭᠠᠨᠴᠠᠪ ᠬᠤᠳᠠ᠂ ᠣᠷᠳᠣᠰ ᠬᠤᠳᠠ᠂ ᠬᠥᠯᠥᠨ ᠪᠤᠶᠢᠷ ᠬᠤᠳᠠ ᠲᠤᠰ ᠲᠤᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ᠃

      ᠤᠯᠠᠭᠠᠨᠴᠠᠪ ᠬᠤᠳᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠭᠦ ᠡᠭᠦᠳᠡᠨ ᠠᠴᠠ ᠭᠤᠣᠯ ᠰᠡᠳᠦᠪᠲᠦ ᠬᠥᠮᠦᠵᠢᠯ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠭᠡᠷᠡᠭᠲᠡᠢ︔ ᠪᠠᠷᠢᠮᠵᠢᠶᠠᠯᠠᠨ ᠬᠠᠷᠭᠤᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ ᠭᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠭᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠥᠷᠪᠡᠨ ᠲᠠᠯ᠎ᠠ ᠪᠠᠷ ᠳᠠᠶᠢᠴᠢᠯᠠᠯᠲᠠ ᠪᠠᠶᠢᠷᠢᠯᠠᠭᠤᠯᠤᠯᠲᠠ ᠬᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠤᠨᠤᠯ ᠤᠨ ᠰᠤᠷᠤᠯᠴᠠᠯᠭ᠎ᠠ᠂ ᠠᠰᠠᠭᠤᠳᠠᠯ ᠢ ᠰᠢᠢᠳᠪᠦᠷᠢᠯᠡᠬᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ᠂ ᠠᠵᠢᠯ ᠤᠨ ᠬᠠᠯᠠᠭᠤᠨ ᠰᠡᠳᠬᠢᠯᠭᠡ ᠪᠠᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠲᠠᠭᠢᠨ ᠲᠠᠶᠢᠴᠢᠯᠠᠨ ᠲᠠᠭᠢᠨ ᠪᠠᠶᠢᠷᠢᠯᠠᠭᠤᠯᠪᠠ᠃

      ᠣᠷᠳᠣᠰ ᠬᠤᠳᠠ ᠬᠤᠷᠠᠯ ᠬᠤᠷᠠᠯᠳᠤᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠤᠯᠤᠰ ᠲᠦᠷᠦ ᠶᠢᠨ ᠬᠥᠲᠥᠯᠥᠨ ᠳᠠᠭᠠᠭᠤᠯᠬᠤ ᠠᠴᠢ ᠬᠤᠯᠪᠣᠭᠳᠠᠯ᠂ ᠤᠨᠤᠯ ᠢᠶᠠᠷ ᠵᠡᠪᠰᠡᠭᠯᠡᠬᠦ ᠠᠴᠢ ᠬᠤᠯᠪᠣᠭᠳᠠᠯ᠂ ᠦᠢᠯᠡᠳᠦᠯᠭᠡ ᠪᠠᠷ ᠵᠡᠪᠰᠡᠭᠯᠡᠬᠦ ᠠᠴᠢ ᠬᠤᠯᠪᠣᠭᠳᠠᠯ᠂ ᠡᠭᠦᠷᠭᠡ ᠬᠠᠷᠢᠭᠤᠴᠠᠯᠭ᠎ᠠ ᠪᠠᠷ ᠤᠷᠢᠶᠠᠯᠠᠬᠤ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠷ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ᠂ ᠤᠨᠤᠯ ᠢᠶᠠᠷ ᠵᠡᠪᠰᠡᠭᠯᠡᠬᠦ ᠶᠢ ᠶᠡᠭᠡ ᠪᠠᠷ ᠳᠡᠭᠡᠭᠰᠢᠯᠡᠭᠦᠯᠦᠨ᠂ ᠨᠠᠮᠴᠢ ᠴᠢᠨᠠᠷ ᠤᠨ ᠬᠡᠪ ᠪᠣᠯᠪᠠᠰᠤᠷᠠᠯ ᠢ ᠶᠡᠭᠡ ᠪᠠᠷ ᠠᠷᠢᠭᠤᠳᠬᠠᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠡᠭᠡ ᠦᠢᠯᠡᠳᠦᠯᠭᠡ᠂ ᠦᠵᠡᠯ ᠰᠠᠨᠠᠭ᠎ᠠ ᠰᠤᠷᠲᠠᠯ ᠢ ᠶᠡᠭᠡ ᠪᠠᠷ ᠳᠠᠪᠲᠠᠨ ᠪᠤᠯᠪᠠᠰᠤᠷᠠᠭᠤᠯᠵᠤ᠂ ᠣᠳᠣᠬᠢᠴᠢᠯᠠᠭᠰᠠᠨ ᠣᠷᠳᠣᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠩᠭ᠎ᠠ ᠬᠦᠴᠦᠲᠡᠢ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠣᠨᠣᠴᠠᠲᠠᠢ ᠪᠠᠷ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠪᠣᠳᠠᠲᠠᠢ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠬᠡᠯᠪᠡᠷᠢᠴᠢ ᠦᠵᠡᠯ ᠪᠣᠯᠣᠨ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠠᠭᠤᠰᠤᠯᠴᠠᠭᠤᠯᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠬᠢᠬᠦ ᠶᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠲᠠᠢ ᠤᠶᠠᠯᠳᠤᠭᠤᠯᠵᠤ᠂ ᠣᠷᠳᠣᠰ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃

      ᠬᠥᠯᠥᠨ ᠪᠤᠶᠢᠷ ᠬᠤᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠬᠥᠯᠥᠨ ᠪᠤᠶᠢᠷ ᠬᠤᠳᠠ ᠶᠢᠨ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠴᠢᠬᠤᠯᠠ ᠪᠠᠲᠤᠯᠠᠭ᠎ᠠ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ ᠶᠢᠨ ᠳᠣᠲᠣᠭᠠᠳᠤ ᠱᠠᠭᠠᠷᠳᠠᠯᠭ᠎ᠠ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢᠨ ᠪᠣᠳᠠᠲᠤ ᠬᠡᠷᠡᠭᠴᠡᠭᠡ ᠪᠤᠯᠭᠠᠵᠤ᠂ ᠮᠡᠳᠡᠬᠦᠢ ᠬᠢᠬᠦᠢ ᠶᠢ ᠨᠢᠭᠡᠳᠬᠡᠵᠦ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠥᠯᠥᠨ ᠪᠤᠶᠢᠷ ᠬᠤᠲᠠ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠳᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃


 

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ