ᠡᠭᠢᠯᠡᠯᠲᠡ ᠶᠢᠨ ᠵᠢᠯ ᠂ ᠬᠠᠪᠤᠷ ᠤᠨ ᠦᠶ᠎ᠡ ᠪᠠᠷ ᠂ ᠨᠢᠭᠡ ᠤᠳᠠᠭ᠎ᠠ ᠶᠢᠨ ᠤᠨᠤᠯ ᠤᠨ ᠶᠡᠭᠡ ᠰᠤᠷᠤᠯᠴᠠᠯᠭ᠎ᠠ ᠂ ᠦᠵᠡᠯ ᠰᠠᠨᠠᠭᠠᠨ ᠤ ᠶᠡᠭᠡ ᠵᠡᠪᠰᠡᠭᠯᠡᠯ ᠪᠦᠭᠦ ᠣᠷᠣᠨ ᠳᠤ ᠦᠳᠲᠡᠷ ᠲᠦᠷᠭᠡᠨ ᠥᠷᠨᠢᠪᠡ ᠃
ᠡᠨᠡ ᠪᠣᠯ ᠶᠠᠭ ᠴᠠᠭ ᠲᠠᠭᠠᠨ ᠲᠣᠬᠢᠷᠠᠭᠰᠠᠨ ᠂ ᠲᠥᠪ ᠴᠢᠩᠭ᠎ᠠ ᠭᠦᠨᠵᠡᠭᠡᠢ ᠦᠵᠡᠯ ᠰᠠᠨᠠᠭᠠᠨ ᠤ ᠠᠷᠢᠭᠤᠳᠬᠠᠯ ᠮᠥᠨ — ᠪᠦᠭᠦ ᠣᠷᠣᠨ ᠤ 161 ᠰᠤᠷᠤᠯᠴᠠᠯᠭ᠎ᠠ ᠳᠤ ᠣᠷᠣᠯᠴᠠᠬᠰᠠᠨ ᠨᠢᠭᠡᠴᠢ ᠂ 1.49 ᠲᠦᠮᠡᠨ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ ᠂ ︽ᠤᠨᠤᠯ ᠤᠨ ᠶᠡᠭᠡ ᠰᠤᠷᠤᠯᠴᠠᠯᠭ᠎ᠠ ᠂ ᠦᠵᠡᠯ ᠰᠠᠨᠠᠭᠠᠨ ᠤ ᠶᠡᠭᠡ ᠵᠡᠪᠰᠡᠭᠯᠡᠯ ︾ ᠤᠨ ᠥᠷᠨᠢᠯᠲᠡ ᠶᠢ ᠪᠤᠢ ᠪᠣᠯᠭᠠᠪᠠ ᠃
ᠡᠨᠡ ᠪᠣᠯ ᠥᠪᠡᠷ ᠪᠡᠶ᠎ᠡ ᠶᠢᠨ ᠬᠤᠪᠢᠰᠬᠠᠯ ᠬᠢᠵᠦ ᠂ ᠠᠷᠠᠳ ᠤᠨ ᠰᠡᠳᠬᠢᠯ ᠢ ᠣᠯᠣᠭᠰᠠᠨ ᠠᠮᠢᠳᠤᠯᠢᠭ ᠦᠢᠯᠡᠳᠦᠯᠭᠡ ᠮᠥᠨ — ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠵᠤ ᠂ ᠦᠨᠡᠨ ᠬᠦ ᠪᠠᠶᠢᠴᠠᠭᠠᠨ ᠂ ᠦᠨᠡᠨ ᠬᠦ ᠰᠤᠳᠤᠯᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠤᠰᠬᠠᠢ ᠴᠡᠭᠴᠡᠯᠡᠨ ᠵᠠᠰᠠᠬᠤ ᠶᠢ ᠦᠨᠡᠨ ᠪᠣᠳᠠᠲᠠᠢ ᠠᠬᠢᠭᠤᠯᠵᠤ ᠂ ᠨᠢᠳᠦᠨ ᠳᠤ ᠦᠵᠡᠭᠳᠡᠮ᠎ᠡ ᠬᠤᠪᠢᠷᠠᠯᠲᠠ ᠪᠠᠷ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠡᠢ ᠃
ᠡᠨᠡ ᠪᠣᠯ ᠦᠵᠡᠯ ᠰᠠᠨᠠᠭ᠎ᠠ ᠪᠠᠨ ᠴᠢᠯᠦᠭᠡᠯᠡᠵᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠣᠳᠠᠲᠠᠢ ᠠᠵᠢᠯ ᠤᠨ ᠬᠠᠷᠢᠭᠤᠯᠲᠠ ᠶᠢᠨ ᠬᠠᠭᠤᠳᠠᠰᠤ ᠮᠥᠨ — ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠭᠤᠣᠯ ᠰᠡᠳᠦᠪᠲᠦ ᠬᠥᠮᠦᠵᠢᠯ ᠠᠴᠠ ᠤᠨᠳᠤᠷᠤᠬᠰᠠᠨ ᠤᠷᠮ᠎ᠠ ᠰᠡᠳᠬᠢᠯᠭᠡ ᠪᠠᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠂ ᠠᠵᠢᠯ ᠬᠢᠵᠦ ᠦᠢᠯᠡᠰ ᠪᠣᠰᠬᠠᠬᠤ ᠰᠦᠷ ᠳᠠᠯᠠᠶᠢᠴᠠᠲᠠᠢ ᠬᠦᠴᠦᠨ ᠪᠣᠯᠭᠠᠨ ᠬᠤᠪᠢᠷᠠᠭᠤᠯᠵᠤ ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ ᠃
ᠴᠡᠴᠡᠭ ᠳᠡᠯᠭᠡᠷᠡᠵᠦ ᠦᠷ᠎ᠡ ᠵᠢᠮᠢᠰ ᠰᠠᠭᠤᠵᠤ ᠂ ᠡᠯᠪᠡᠭ ᠬᠤᠷᠢᠶᠠᠯᠲᠠ ᠣᠯᠣᠯ᠎ᠠ ᠃
ᠥᠪᠡᠷ ᠤᠨ ᠪᠡᠶ᠎ᠡ ᠪᠠᠷ ᠢᠶᠠᠨ ᠬᠡᠷᠡᠭᠵᠢᠭᠦᠯᠦᠨ ᠬᠡᠪ ᠳᠠᠭᠤᠷᠢᠶᠠᠯ ᠦᠵᠡᠭᠦᠯᠵᠦ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠪᠡ
ᠥᠪᠡᠷ ᠤᠨ ᠪᠡᠶ᠎ᠡ ᠪᠠᠷ ᠢᠶᠠᠨ ᠬᠡᠷᠡᠭᠵᠢᠭᠦᠯᠬᠦ ᠪᠣᠯ ᠬᠠᠮᠤᠭ ᠤᠨ ᠪᠦᠲᠦᠮᠵᠢᠲᠡᠶ ᠵᠢᠱᠢᠶ᠎ᠡ ᠦᠵᠡᠭᠦᠯᠭᠦ ᠶᠠᠪᠤᠳᠠᠯ ᠮᠥᠨ ᠂ ᠳᠡᠭᠡᠳᠦ ᠱᠠᠲᠤ ᠨᠢ ᠳᠣᠣᠷ᠎ᠠ ᠱᠠᠲᠤ ᠪᠠᠨ ᠳᠠᠭᠠᠭᠤᠯᠬᠤ ᠪᠣᠯ ᠬᠠᠮᠤᠭ ᠤᠨ ᠬᠦᠴᠦᠲᠡᠢ ᠵᠢᠯᠣᠭᠤᠳᠤᠯᠭ᠎ᠠ ᠮᠥᠨ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ ᠂ ᠴᠢᠩᠭ᠎ᠠ ᠲᠤᠯᠭᠠᠮ ᠬᠠᠷᠢᠭᠤᠴᠠᠯᠭ᠎ᠠ ᠡᠭᠦᠷᠭᠡᠯᠡᠯ ᠪᠠ ᠡᠭᠦᠷᠭᠡᠲᠦ ᠤᠬᠠᠮᠰᠠᠷ ᠢᠶᠠᠷ ᠰᠡᠳᠬᠢᠯ ᠲᠠᠯᠪᠢᠨ ᠬᠦᠴᠦᠨ ᠣᠷᠣᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠵᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠤᠷᠢᠳ ᠬᠤᠵᠢᠳ 4 ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ ᠂ 12 ᠤᠳᠠᠭ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠥᠪᠯᠡᠷᠡᠭᠦᠯᠦᠨ ᠰᠤᠳᠤᠯᠤᠨ ᠶᠠᠷᠢᠯᠴᠠᠬᠤ ᠪᠠ 3 ᠤᠳᠠᠭ᠎ᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠂ ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠵᠦ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠲᠤᠬᠠᠢ ᠣᠶᠢᠯᠠᠭᠠᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ ᠃
ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠡᠵᠡᠮᠰᠢᠬᠦ ᠭᠦᠨᠴᠡ ᠨᠢ ᠤᠯᠤᠰ ᠲᠦᠷᠦ ᠶᠢᠨ ᠰᠡᠷᠭᠡᠭ ᠤᠨ ᠬᠡᠮᠵᠢᠶ᠎ᠡ ᠂ ᠰᠡᠳᠬᠢᠬᠦᠢ ᠬᠠᠷᠠᠭᠠᠰᠤ ᠶᠢᠨ ᠥᠷᠭᠡᠴᠡ ᠂ ᠦᠵᠡᠯ ᠰᠠᠨᠠᠭᠠᠨ ᠤ ᠠᠬᠤᠢ ᠪᠠᠶᠢᠳᠠᠯ ᠤᠨ ᠥᠨᠳᠥᠷᠴᠡ ᠶᠢ ᠲᠣᠭᠲᠠᠭᠠᠵᠤ ᠪᠠᠶᠢᠳᠠᠭ ᠃
— ᠲᠥᠪ ᠠᠴᠠ ᠲᠣᠭᠲᠠᠭᠠᠭᠰᠠᠨ 8 ᠵᠦᠢᠯ ᠤᠨ ᠨᠣᠮ ᠢ ᠲᠡᠷᠡ ᠬᠡᠪ ᠢᠶᠠᠷ ᠨᠢ ᠰᠤᠷᠤᠯᠴᠠᠬᠰᠠᠨ ᠰᠠᠭᠤᠷᠢᠨ ᠳᠡᠭᠡᠷ᠎ᠡ ᠂ ᠤᠨᠤᠯ ᠤᠨ ᠰᠤᠷᠤᠯᠴᠠᠯᠭ᠎ᠠ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠶᠢ ᠪᠠᠳᠠᠷᠠᠭᠤᠯᠬᠤ ᠵᠡᠷᠭᠡ ᠲᠤᠰᠬᠠᠢ ᠰᠡᠳᠦᠪ ᠢ ᠨᠡᠮᠡᠨ ᠲᠣᠬᠢᠷᠠᠭᠤᠯᠵᠤ ᠂ ︽ᠳᠠᠪᠠᠭᠤᠯᠢᠭ ᠢᠶᠠᠨ ᠪᠠᠳᠠᠷᠠᠭᠤᠯᠬᠤ ᠂ ᠵᠥᠷᠢᠶ᠎ᠡ ᠪᠠᠨ ᠡᠷᠢᠬᠦ ᠂ ᠬᠥᠭᠵᠢᠯᠲᠡ ᠶᠢ ᠠᠬᠢᠭᠤᠯᠬᠤ ︾ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠶᠢ ᠥᠷᠨᠢᠭᠦᠯᠵᠦ ᠂ ︽ᠰᠢᠨ᠎ᠡ ᠵᠠᠮ ᠢ ᠨᠡᠭᠡᠭᠡᠬᠦ ᠂ ᠳᠤᠮᠳᠠ ᠲᠦᠪᠰᠢᠨ ᠳᠤ ᠣᠷᠣᠬᠤ ︾ ᠤᠷᠮ᠎ᠠ ᠰᠡᠳᠬᠢᠯᠭᠡ ᠪᠠ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ ᠃
— ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠪᠣᠯᠣᠨ ︽ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ ︾ ᠤᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠂ ᠨᠡᠶᠢᠭᠡᠮ ᠲᠣᠭᠤᠷᠢᠭ ᠂ ᠭᠠᠴᠠᠭ᠎ᠠ ᠲᠣᠰᠬᠤᠨ ᠂ ᠪᠠᠶᠢᠭᠤᠯᠭ᠎ᠠ ᠳᠤ ᠬᠦᠷᠴᠦ 5358 ᠲᠠᠯᠠᠪᠠᠶ ᠤᠳᠠᠭ᠎ᠠ ᠤᠬᠠᠭᠤᠯᠤᠨ ᠲᠠᠶᠢᠯᠪᠤᠷᠢᠯᠠᠪᠠ ᠃ ︽ᠠᠨᠠᠷ ᠤᠨ ᠦᠷ᠎ᠡ ︾ ᠤᠬᠠᠭᠤᠯᠤᠨ ᠲᠠᠶᠢᠯᠪᠤᠷᠢᠯᠠᠬᠤ ᠪᠦᠯᠭᠦᠮ ᠨᠢ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ︽ᠲᠠᠷᠢᠶᠠᠨ ᠭᠠᠵᠠᠷ ︾ ᠲᠤ ᠬᠦᠷᠭᠡᠵᠦ ᠂ ︽ᠪᠢᠴᠢᠭ ᠤᠨ ᠬᠡᠯᠡ ︾ ᠶᠢ ︽ᠶᠠᠷᠢᠶᠠᠨ ᠤ ᠬᠡᠯᠡ ︾ ᠪᠣᠯᠭᠠᠪᠠ ᠃ — 328 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠰᠣᠩᠭᠤᠵᠤ ︽ᠨᠠᠮ ᠤᠨ ᠠᠴᠢ ᠡᠨᠡᠷᠢᠯ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ︽ᠲᠠᠪᠤᠨ ᠦᠭᠡ ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠭᠦᠯᠵᠦ ᠂ ᠲᠠᠯ᠎ᠠ ᠨᠤᠲᠤᠭ ᠤᠨ ᠬᠥᠪᠡᠭᠦᠳ ᠥᠬᠢᠳ ᠨᠠᠮ ᠲᠠᠢ ᠪᠠᠨ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶᠢᠬᠤ ᠬᠤᠪᠢᠰᠬᠠᠯᠲᠤ ᠤᠳᠤᠮᠰᠢᠯ ᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠴᠢᠰᠤ ᠮᠢᠬᠠᠨ ᠳᠤ ᠠᠭᠤᠰᠬᠠᠵᠠᠢ ᠃
ᠥᠪᠡᠷᠲᠡᠭᠡᠨ ᠵᠠᠰᠠᠬᠤ ᠣᠷᠣᠨ ᠤ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠣᠯᠠᠨ ᠶᠠᠩᠵᠤ ᠭᠡᠯᠪᠡᠷᠢ ᠶᠢᠨ ᠰᠤᠷᠤᠯᠴᠠᠬᠤ ︽ᠪᠣᠳᠠᠲᠠᠢ ᠠᠷᠭ᠎ᠠ ︾ ᠭᠠᠷᠭᠠᠵᠤ ᠂ ᠨᠣᠮ ᠤᠩᠰᠢᠬᠤ ᠠᠩᠭᠢ ᠶᠢ 988 ᠬᠤᠭᠤᠴᠠᠭ᠎ᠠ ᠡᠷᠭᠢᠯᠡᠵᠦ ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ 2118 ᠤᠳᠠᠭ᠎ᠠ ᠥᠷᠨᠢᠭᠦᠯᠪᠡ ᠃ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠰᠤᠷᠤᠯᠴᠠᠬᠤ ᠰᠤᠷᠲᠠᠯ ᠢᠶᠠᠨ ᠲᠥᠪ ᠪᠤᠯᠭᠠᠵᠤ ᠂ ᠯᠠᠪᠳᠠᠭᠤᠨ ᠬᠢᠨᠠᠮᠠᠭᠠᠢ ᠬᠠᠨᠳᠤᠵᠤ ᠂ ᠰᠡᠳᠬᠢᠯ ᠲᠠᠯᠪᠢᠨ ᠣᠶᠢᠯᠠᠭᠠᠵᠤ ᠂ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠬᠦ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ ᠃
ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ
ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠡᠷᠳᠡᠮ ᠮᠥᠨ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ︽ᠳᠦᠷᠪᠡᠨ ᠦᠭᠡᠢ ᠬᠤᠶᠠᠷ ᠰᠢᠭᠤᠳ ︾ ᠠᠷᠭ᠎ᠠ ᠭᠡᠯᠪᠡᠷᠢ ᠪᠠᠷ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢᠨ ᠪᠠᠶᠢᠳᠠᠯ ᠢ ᠡᠬᠢᠨ ᠠᠴᠠ ᠨᠢ ᠠᠳᠠᠭ ᠲᠤᠨᠢ ᠲᠤᠯᠲᠠᠯ᠎ᠠ ᠰᠢᠨᠵᠢᠯᠡᠨ ᠪᠠᠶᠢᠴᠠᠭᠠᠵᠤ ᠂ ︽ᠬᠤᠲᠠ ︾ ᠠᠴᠠ ︽ᠬᠥᠳᠡᠭᠡ ︾ ᠭᠦᠷᠲᠡᠯ᠎ᠡ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠤᠭᠰᠠᠨ ᠠᠰᠠᠭᠤᠳᠠᠯ ᠢ ᠪᠠᠶᠢᠴᠠᠭᠠᠨ ᠰᠤᠳᠤᠯᠵᠤ ᠂ ᠪᠠᠷᠠᠭᠤᠨ ᠠᠴᠠ ᠵᠡᠭᠦᠨ ᠭᠦᠷᠳᠡᠯ᠎ᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠠ ᠬᠢᠯᠢ ᠬᠢᠵᠠᠭᠠᠷ ᠣᠷᠣᠨ ᠤ ᠬᠥᠭᠵᠢᠯᠲᠡ ᠶᠢ ᠪᠠᠶᠢᠴᠠᠭᠠᠨ ᠰᠤᠳᠤᠯᠵᠤ ᠂ ᠡᠯᠡᠰᠦᠷᠬᠡᠭ ᠭᠠᠵᠠᠷ ᠤᠨ ᠵᠠᠰᠠᠯᠲᠠ ᠶᠢᠨ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠨ ᠰᠤᠳᠤᠯᠵᠤ ᠂ ᠪᠣᠳᠠᠲᠠᠢ ᠠᠰᠠᠭᠤᠳᠠᠯ ᠢ ᠲᠣᠳᠣᠷᠬᠠᠢ ᠣᠶᠢᠯᠠᠭᠠᠵᠤ ᠂ ᠠᠷᠬᠠᠭ ᠭᠡᠮ ᠢ ᠣᠨᠣᠪᠴᠢᠲᠠᠶ ᠡᠷᠢᠵᠦ ᠂ ᠰᠢᠢᠳᠪᠦᠷᠢᠯᠡᠬᠦ ᠠᠷᠭ᠎ᠠ ᠶᠢ ᠳᠤᠷᠠᠳᠪᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ 12 ᠲᠠᠯ᠎ᠠ ᠶᠢᠨ ᠪᠠᠶᠢᠴᠠᠭᠠᠨ ᠰᠤᠳᠤᠯᠬᠤ ᠠᠭᠤᠯᠭ᠎ᠠ ᠶᠢᠨ ᠲᠣᠭᠤᠷᠢᠨ ᠳᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠮᠤᠵᠢ ᠶᠢᠨ ᠲᠡᠰ ᠤᠨ ᠤᠳᠤᠷᠢᠳᠤᠯᠭ᠎ᠠ ᠲᠦᠷᠦᠭᠦᠯᠡᠨ 38 ᠪᠠᠶᠢᠴᠠᠭᠠᠨ ᠰᠤᠳᠤᠯᠬᠤ ᠰᠡᠳᠦᠪ ᠲᠣᠭᠲᠠᠭᠠᠵᠤ ᠂ 372 ᠤᠳᠠᠭ᠎ᠠ ᠰᠡᠳᠦᠪ ᠳᠠᠭᠠᠭᠠᠴᠢᠯᠠᠨ ᠪᠠᠶᠢᠴᠠᠭᠠᠨ ᠰᠤᠳᠤᠯᠤᠯᠲᠠ ᠥᠷᠨᠢᠭᠦᠯᠪᠡ ᠃ ᠨᠢᠭᠡᠳᠦᠭᠡᠷ ᠪᠦᠯᠦᠭ ᠤᠨ ᠰᠤᠷᠤᠯᠴᠠᠯᠭ᠎ᠠ ᠳᠤ ᠤᠷᠤᠯᠴᠠᠬᠰᠠᠨ ᠨᠢᠭᠡᠴᠢ ᠶᠢᠨ ᠤᠳᠤᠷᠢᠳᠬᠤ ᠪᠠᠭ ᠵᠢᠴᠢ ᠪᠦᠷᠢᠯᠳᠦᠭᠦᠨ 1346 ᠪᠠᠶᠢᠴᠠᠭᠠᠨ ᠰᠤᠳᠤᠯᠬᠤ ᠰᠡᠳᠦᠪ ᠢ ᠲᠣᠭᠲᠠᠭᠠᠵᠤ ᠂ 4443 ᠤᠳᠠᠭ᠎ᠠ ᠪᠠᠶᠢᠴᠠᠭᠠᠨ ᠰᠤᠳᠤᠯᠤᠯᠲᠠ ᠬᠢᠵᠦ ᠂ 3458 ᠠᠰᠠᠭᠤᠳᠠᠯ ᠢ ᠢᠯᠡᠷᠡᠭᠦᠯᠵᠦ ᠂ 4203 ᠵᠤᠷᠪᠤᠰ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠪᠠ ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ ᠮᠥᠷᠲᠡᠭᠡᠨ ᠨᠡᠩ ᠴᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ᠭᠦᠨᠵᠡᠭᠡᠢ ᠂ ᠪᠣᠳᠠᠲᠠᠢ ᠂ ᠨᠠᠷᠢᠯᠢᠭ ᠂ ᠣᠨᠣᠪᠴᠢᠲᠠᠢ ᠂ ᠪᠦᠲᠦᠮᠵᠢᠲᠡᠢ ︾ ᠭᠡᠬᠦ ᠲᠠᠪᠤᠨ ᠦᠰᠦᠭᠲᠦ ᠠᠨᠢᠰᠤ ᠶᠢ ᠨᠠᠷᠢᠨ ᠬᠢᠨᠠᠮᠠᠭᠠᠢ ᠰᠠᠶᠢᠲᠤᠷ ᠬᠡᠷᠡᠭᠯᠡᠵᠦ ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠪᠣᠳᠠᠲᠤ ᠪᠠᠶᠢᠳᠠᠯ ᠢ ᠪᠠᠶᠢᠴᠠᠭᠠᠵᠤ ᠂ 1052 ᠵᠦᠢᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠵᠥᠷᠢᠴᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠶᠢ ᠤᠨᠤᠯ ᠤᠨ ᠰᠤᠷᠤᠯᠴᠠᠯᠭ᠎ᠠ ᠠᠴᠠ ᠦᠢᠯᠡᠳᠦᠯᠭᠡ ᠲᠡᠶᠢᠰᠢ ᠰᠢᠯᠵᠢᠭᠦ ᠶᠠᠪᠤᠴᠠ ᠪᠤᠯᠭᠠᠵᠤ ᠂ ᠤᠯᠤᠰ ᠲᠦᠷᠦ ᠶᠢᠨ ᠴᠢᠳᠠᠪᠤᠷᠢ ᠂ ᠰᠡᠳᠬᠢᠬᠦᠢ ᠶᠢᠨ ᠴᠢᠳᠠᠪᠤᠷᠢ ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠶᠠᠪᠤᠴᠠ ᠪᠤᠯᠭᠠᠵᠤ ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠵᠠᠢ ᠃
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ ᠂ ︽ᠲᠠᠪᠤᠨ ᠶᠡᠭᠡ ᠡᠭᠦᠷᠭᠡ ︾ ᠶᠢᠨ ᠲᠣᠭᠤᠷᠢᠨ ᠳᠤ ᠲᠤᠰ ᠲᠤᠰ ᠠᠬᠢᠭᠤᠯᠬᠤ ᠳᠦᠷᠢᠮ ᠲᠣᠭᠲᠠᠭᠠᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠲᠣᠭᠲᠠᠭᠠᠯ ᠭᠠᠷᠭᠠᠬᠤ ᠪᠠ ᠠᠬᠢᠭᠤᠯᠬᠤ ᠳᠦᠷᠢᠮ ᠲᠣᠭᠲᠠᠭᠠᠵᠤ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠭᠡᠯᠪᠡᠷᠢ ᠪᠠᠷ ᠬᠤᠶᠠᠷ ᠶᠡᠭᠡ ᠶᠠᠪᠤᠳᠠᠯ ᠢ ᠲᠣᠭᠲᠠᠪᠤᠷᠢᠵᠢᠭᠤᠯᠵᠤ ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠴᠤ ᠰᠤᠯᠠᠷᠠᠭᠤᠯᠤᠯ ᠦᠭᠡᠢ ᠪᠠᠲᠤ ᠡᠵᠡᠮᠳᠡᠵᠦ ᠂ ᠠᠯᠤᠰ ᠤᠨ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠪᠠ ᠃ ᠳᠡᠭᠡᠷ᠎ᠡ ᠬᠠᠭᠠᠰ ᠵᠢᠯ ᠳᠤ ᠂ ᠪᠦᠭᠦ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 10971 ᠳ᠋ᠦᠩᠰᠢᠭᠤᠷ ᠲᠥᠭᠦᠷᠢᠭ ᠲᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠵᠦ ᠂ ᠪᠦᠭᠦ ᠣᠷᠣᠨ ᠤ ᠠᠵᠤ ᠠᠬᠤᠢ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠠᠨᠳᠤᠰᠢ ᠪᠠᠨ ᠪᠠᠲᠤᠯᠠᠪᠠ ᠃
︽ᠬᠦᠴᠢᠷ ᠠᠰᠠᠭᠤᠳᠠᠯ ᠢ ᠰᠢᠢᠳᠪᠦᠷᠢᠯᠡᠵᠦ ᠂ ᠪᠣᠳᠠᠲᠤ ᠶᠠᠪᠤᠳᠠᠯ ᠬᠢᠬᠦ ︾ ᠠᠵᠢᠯᠯᠠᠭ᠎ᠠ ᠶᠢ ᠭᠦᠨᠵᠡᠭᠡᠢ ᠥᠷᠨᠢᠭᠦᠯᠦᠨ ᠂ ᠠᠵᠢᠯ ᠣᠯᠭᠤᠯᠲᠠ ᠶᠢᠨ ᠬᠡᠪᠴᠢᠶ᠎ᠡ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ︽ᠲᠠᠪᠤᠨ ᠵᠦᠢᠯ ᠤᠨ ᠠᠵᠢᠯᠯᠠᠭ᠎ᠠ ︾ ᠶᠢ ᠶᠡᠬᠡᠪᠡᠷ ᠬᠡᠷᠡᠭᠵᠢᠭᠦᠯᠵᠦ ᠂ 4.4 ᠲᠦᠮᠡᠨ ᠠᠵᠢᠯ ᠤᠨ ᠪᠠᠶᠢᠷᠢ ᠶᠢ ᠴᠤᠬᠯᠠᠭᠤᠯᠪᠠ ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠢᠯᠭᠠᠬᠤ ᠦᠭᠡᠢ ᠪᠠᠷ ᠣᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠬᠤ ︾᠂ ︽ᠠᠯᠪᠠᠨ ᠠᠴᠠ ᠡᠷᠭᠢᠯᠡᠭᠰᠡᠨ ᠰᠤᠷᠭᠠᠭᠤᠯᠢ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠠᠳᠠᠯᠢ ᠪᠠᠷ ᠰᠣᠷᠣᠬᠴᠢ ᠡᠯᠰᠡᠬᠦ ︾ ᠪᠠ ︽ᠢᠯᠡ ᠪᠠᠷ ᠰᠣᠷᠣᠬᠴᠢ ᠡᠯᠰᠡᠬᠦ ᠂ ᠢᠯᠡ ᠪᠠᠷ ᠠᠩᠭᠢ ᠬᠤᠪᠢᠶᠠᠬᠤ ︾᠂ ︽ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ ︾ ᠪᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ︾ ᠶᠢ ᠨᠢᠭᠡ ᠰᠦᠯᠵᠢᠶ᠎ᠡ ᠪᠠᠷ ᠪᠦᠭᠦᠨ ᠢ ᠭᠦᠢᠴᠡᠳᠬᠡᠬᠦ ᠶᠢ ᠪᠠᠷᠢᠮᠲᠠᠯᠠᠪᠠ ︔ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ︽ᠡᠮᠴᠢ ᠶᠢᠨ ᠮᠣᠷᠠᠯ ᠰᠤᠷᠲᠠᠯ ︾ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ᠠᠷᠠᠳ ᠣᠯᠠᠨ ᠤ ᠡᠪᠡᠳᠴᠢᠨ ᠦᠵᠡᠭᠦᠯᠭᠦ ᠳᠤ ᠬᠦᠴᠢᠷᠲᠡᠢ ᠂ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠪᠡ ︔ ᠬᠤᠲᠠ ᠶᠢᠨ ᠨᠠᠰᠤᠵᠢᠯ ᠤᠨ ᠠᠰᠠᠷᠠᠮᠵᠢ ᠶᠢᠨ ︽ᠨᠢᠭᠡ ᠮᠥᠴᠡ ︾ ᠶᠢᠨ ᠦᠢᠯᠡᠴᠢᠯᠡᠭᠡᠨ ᠤ ᠲᠣᠭᠤᠷᠢᠭ ᠤᠨ ᠴᠢᠳᠠᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠤ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠦᠨ ᠂ ᠪᠦᠭᠦ ᠣᠷᠣᠨ ᠳᠤ ᠬᠤᠲᠠ ᠶᠢᠨ ᠭᠡᠷ ᠲᠡᠭᠡᠨ ᠨᠠᠰᠤᠵᠢᠯ ᠤᠨ ᠠᠰᠠᠷᠠᠮᠵᠢ ᠭᠦᠷᠲᠡᠭᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠢ ᠨᠡᠶᠢᠲᠡ 1685 ᠪᠠᠶᠢᠭᠤᠯᠪᠠ ︔ ᠡᠯ᠎ᠡ ᠱᠠᠲᠤᠨ ᠤ ᠤᠳᠤᠷᠢᠳᠬᠤ ᠺᠠᠳ᠋ᠷ ᠦᠢᠯᠡᠴᠢᠯᠡᠬᠦ ᠡᠲᠡᠭᠡᠳ ᠤᠨ ᠪᠡᠶ᠎ᠡ ᠶᠢᠨ ᠭᠠᠷᠤᠯ ᠢᠶᠠᠷ ︽ᠶᠠᠪᠤᠴᠠ ︾ ᠶᠢ ᠭᠦᠢᠴᠡᠳᠬᠡᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠭᠵᠢᠷᠡᠯ ᠤᠨ ᠴᠡᠭ ᠢ ᠪᠦᠭᠦ ᠲᠠᠯ᠎ᠠ ᠪᠠᠷ ᠡᠮᠬᠢᠯᠡᠨ ᠂ ᠦᠨᠳᠦᠰᠦᠨ ᠱᠠᠲᠤᠨ ᠳᠤ ᠦᠢᠯᠡᠴᠢᠯᠡᠬᠦ ᠂ ᠣᠯᠠᠨ ᠲᠦᠮᠡᠨ ᠳᠤ ᠦᠢᠯᠡᠴᠢᠯᠡᠬᠦ ᠂ ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠲᠣᠭᠲᠠᠴᠠ ᠶᠢ ᠰᠢᠯᠢᠳᠡᠭᠵᠢᠭᠦᠯᠵᠦ ᠂ ᠳᠡᠭᠡᠭᠰᠢᠯᠡᠯᠲᠡ ᠶᠢ ᠠᠭᠢᠭᠤᠯᠪᠠ ︔ ᠪᠣᠳᠠᠲᠤ ᠴᠣᠭᠴᠠ ᠳᠤ ︽ᠪᠦᠭᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠤᠨ ᠨᠠᠷᠢᠨ ᠳᠠᠩᠰᠠ ᠶᠢ ᠲᠣᠭᠲᠠᠭᠠᠵᠤ ᠂ ᠠᠳᠠᠯᠢ ᠨᠢᠭᠡ ᠶᠠᠪᠤᠳᠠᠯ ᠢ ᠪᠦᠭᠦ ᠣᠷᠣᠨ ᠤ ᠡᠯ᠎ᠡ ᠭᠠᠵᠠᠷ ᠲᠤ ︽ᠵᠥᠷᠢᠶ᠎ᠡ ᠦᠭᠡᠢ ᠭᠥᠯᠢᠶᠡᠨ ᠠᠪᠴᠤ ᠰᠢᠢᠳᠪᠦᠷᠢᠯᠡᠬᠦ ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ︾ ᠶᠢ ᠪᠡᠶᠡᠯᠡᠭᠦᠯᠪᠡ ︔ ᠺᠠᠳ᠋ᠷ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠪᠠᠭᠤᠵᠤ ᠵᠠᠬᠢᠳᠠᠯ ᠰᠤᠷᠪᠤᠯᠵᠢᠯᠠᠯ ᠤᠨ ᠠᠵᠢᠯ ᠢ ᠥᠷᠨᠢᠭᠦᠯᠦᠨ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ ᠂ ︽ᠣᠯᠠᠨ ᠲᠦᠮᠡᠨ ᠳᠡᠭᠡᠭᠰᠢ ᠰᠤᠷᠪᠤᠯᠵᠢᠯᠠᠬᠤ ᠶᠢ ᠬᠦᠯᠢᠶᠡᠬᠦ ︾ ᠶᠢ ︽ᠣᠯᠠᠨ ᠲᠦᠮᠡᠨ ᠢ ᠣᠷᠣᠯᠠᠨ ᠭᠦᠢᠴᠡᠳᠬᠡᠬᠦ ︾ ᠪᠣᠯᠭᠠᠨ ᠬᠤᠪᠢᠷᠠᠭᠤᠯᠵᠤ ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ 17002 ᠬᠤᠪᠢ ᠣᠷᠣᠯᠠᠨ ᠭᠦᠢᠴᠡᠳᠬᠡᠵᠦ ᠂ 15530 ᠬᠤᠪᠢ ᠰᠢᠢᠳᠪᠦᠷᠢᠯᠡᠵᠦ ᠳᠠᠭᠤᠰᠬᠠᠬᠤ ᠶᠢ ᠠᠬᠢᠭᠤᠯᠵᠤ ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ ᠂ ᠵᠥᠷᠢᠴᠡᠯ ᠢ ᠳᠡᠭᠡᠭᠰᠢ ᠮᠡᠳᠡᠭᠦᠯᠬᠦ ᠦᠭᠡᠢ ᠶᠢ ᠪᠡᠶᠡᠯᠡᠭᠦᠯᠪᠡ ᠁ ᠥᠪᠡᠷᠲᠡᠭᠡᠨ ᠵᠠᠰᠠᠬᠤ ᠣᠷᠣᠨ 43 ᠵᠦᠢᠯ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠠᠷᠢᠨ ᠳᠠᠩᠰᠠ ᠶᠢ ᠡᠮᠬᠢᠯᠡᠨ ᠪᠦᠷᠢᠯᠳᠦᠭᠦᠯᠵᠦ ᠂ ︽ᠬᠢᠬᠦ ᠶᠠᠪᠤᠳᠠᠯ ︾ ᠢ ᠠᠷᠠᠳ ᠣᠯᠠᠨ ᠤ ︽ᠬᠦᠰᠡᠵᠦ ᠪᠠᠶᠢᠭ᠎ᠠ ᠶᠠᠪᠤᠳᠠᠯ ︾ ᠲᠠᠢ ᠤᠨᠢᠨ ᠳᠡᠭᠡᠷ᠎ᠡ ᠨᠢ ᠵᠣᠯᠭᠠᠭᠤᠯᠪᠠ ᠃
ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠶᠢ ᠪᠣᠳᠠᠲᠠᠢ ᠠᠳᠬᠤᠵᠤ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠦᠷᠢ ᠲᠥᠷᠬᠦ ᠶᠢ ᠱᠤᠭᠤᠪᠠ
ᠠᠷᠠᠳ ᠣᠯᠠᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠣᠯᠣᠭᠰᠠᠨ ᠡᠰᠡᠬᠦ ᠶᠢ ᠦᠵᠡᠬᠦ ᠬᠠᠮᠤᠭ ᠤᠨ ᠰᠢᠭᠤᠳ ᠲᠥᠷᠥᠭᠳᠡᠯ ᠪᠣᠯ ᠨᠠᠮ ᠤᠨ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠰᠢᠢᠳᠪᠦᠷᠢᠯᠡᠭᠳᠡᠭᠰᠡᠨ ᠡᠰᠡᠬᠦ ᠂ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠢᠯᠡᠳᠲᠡ ᠳᠠᠪᠰᠢᠯᠲᠠ ᠲᠠᠢ ᠪᠠᠶᠢᠬᠤ ᠡᠰᠡᠬᠦ ᠶᠢ ᠦᠵᠡᠬᠦ ᠶᠠᠪᠤᠳᠠᠯ ᠪᠣᠯᠣᠨ᠎ᠠ ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠥᠷ ᠮᠣᠩᠭᠤᠯ ᠰᠤᠷᠲᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠢᠬᠤᠯᠠ ᠠᠭᠤᠯᠭ᠎ᠠ ᠪᠤᠯᠭᠠᠬᠰᠠᠨ ᠪᠥᠭᠡᠳ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠷ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠪᠠ ᠃
ᠮᠠᠨ ᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠨᠢᠭᠡᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ 5 ᠲᠠᠯ᠎ᠠ ᠶᠢᠨ 34 ᠪᠣᠳᠠᠲᠠᠢ ᠠᠰᠠᠭᠤᠳᠠᠯ ᠢ ᠪᠠᠶᠢᠴᠠᠭᠠᠨ ᠳᠡᠯᠭᠡᠵᠦ ᠂ 10 ᠲᠤᠰᠬᠠᠢ ᠴᠡᠭᠴᠡᠯᠡᠨ ᠵᠠᠰᠠᠬᠤ ᠠᠰᠠᠭᠤᠳᠠᠯ ᠢ ᠲᠣᠬᠲᠠᠭᠠᠪᠠ ︔ ᠨᠢᠭᠡᠳᠦᠭᠡᠷ ᠪᠦᠯᠦᠭ ᠤᠨ ᠰᠤᠷᠤᠯᠴᠠᠬᠤ ᠨᠢᠭᠡᠴᠢ 6 ᠲᠠᠯ᠎ᠠ ᠶᠢᠨ 1686 ᠠᠰᠠᠭᠤᠳᠠᠯ ᠢ ᠪᠠᠶᠢᠴᠠᠭᠠᠨ ᠢᠯᠡᠷᠡᠭᠦᠯᠵᠦ ᠂ 74 ᠲᠤᠰᠬᠠᠢ ᠴᠡᠭᠴᠡᠯᠡᠨ ᠵᠠᠰᠠᠬᠤ ᠠᠰᠠᠭᠤᠳᠠᠯ ᠢ ᠲᠣᠭᠲᠠᠭᠠᠵᠤ ᠂ ᠳᠡᠭᠡᠷ᠎ᠡ ᠳᠣᠣᠷ᠎ᠠ ᠱᠠᠲᠤ ᠬᠠᠮᠲᠤᠷᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠪᠠ ᠃ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ ᠳᠡᠶᠢᠯᠭᠦ ᠶᠢ ᠨᠢ ᠳᠠᠷᠤᠢ ᠲᠦᠷᠭᠡᠨ ᠥᠭᠡᠷᠡᠴᠢᠯᠡᠵᠦ ᠂ ᠥᠭᠡᠷᠡᠴᠢᠯᠡᠬᠦ ᠶᠢ ᠪᠣᠳᠠᠲᠠᠢ ᠨᠠᠶᠢᠳᠠᠪᠤᠷᠢᠵᠢᠭᠤᠯᠵᠤ ᠂ ᠲᠤᠶᠢᠯᠪᠤᠷᠢᠲᠠᠢ ᠥᠭᠡᠷᠡᠴᠢᠯᠡᠨ ᠂ ᠨᠢᠭᠡᠳᠦᠭᠡᠷ ᠪᠦᠯᠦᠭ ᠤᠨ ᠬᠥᠮᠦᠵᠢᠯ ᠳᠤ ᠣᠷᠣᠯᠴᠠᠬᠰᠠᠨ ᠨᠢᠭᠡᠴᠢ ᠨᠢ 1676 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 99.4% ᠳᠤ ᠭᠦᠷᠪᠡ ︔ ᠲᠦᠷ ᠴᠡᠭᠴᠡᠯᠡᠨ ᠰᠠᠶᠢᠵᠢᠷᠠᠭᠤᠯᠵᠤ ᠳᠡᠶᠢᠯᠭᠦ ᠦᠭᠡᠢ ᠶᠢ ᠨᠢ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠱᠠᠲᠤ ᠬᠤᠪᠢᠶᠠᠨ ᠲᠣᠳᠣᠷᠬᠠᠶᠢᠯᠠᠵᠤ ᠂ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠤᠯᠳᠠᠯ᠎ᠠ ᠴᠢᠩᠭ᠎ᠠ ᠠᠩᠬᠠᠷᠴᠤ ᠂ ᠡᠴᠦᠰ ᠲᠤᠨᠢ ᠲᠤᠯᠲᠠᠯ᠎ᠠ ᠠᠳᠬᠤᠨ᠎ᠠ ︔ ᠴᠡᠭᠴᠡᠯᠡᠨ ᠰᠠᠶᠢᠵᠢᠷᠠᠭᠤᠯᠬᠤ ᠠᠵᠢᠯ ᠨᠢ ᠭᠡᠯᠪᠡᠷᠢ ᠶᠢᠨ ᠲᠡᠳᠦᠢ ᠪᠣᠯᠵᠤ ᠂ ᠤᠯᠠᠨ ᠲᠦᠮᠡᠨ ᠬᠠᠨᠤᠮᠵᠢ ᠦᠭᠡᠢ ᠪᠣᠯ ︽ᠳᠠᠪᠲᠠᠨ ᠪᠤᠯᠪᠠᠰᠤᠷᠠᠭᠤᠯᠬᠤ ︾᠂ ︽ᠬᠢᠴᠢᠶᠡᠯ ᠨᠥᠬᠦᠪᠦᠷᠢᠯᠡᠬᠦ ︾ ᠶᠢ ᠱᠠᠯᠠᠪᠳᠠᠭᠤᠯᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ ᠃
ᠥᠪᠡᠷᠲᠡᠭᠡᠨ ᠵᠠᠰᠠᠬᠤ ᠣᠷᠣᠨ ᠦᠷᠭᠦᠯᠵᠢᠯᠡᠨ ︽ᠵᠢᠷᠤᠮᠵᠢᠭᠤᠯᠬᠤ ᠂ ᠴᠤᠮᠬᠠᠳᠬᠠᠬᠤ ᠂ ᠬᠤᠷᠳᠤᠴᠠ ᠶᠢ ᠲᠦᠷᠭᠡᠳᠬᠡᠬᠦ ︾ ᠳᠡᠭᠡᠷ᠎ᠡ ᠬᠦᠴᠦ ᠲᠠᠯᠪᠢᠵᠤ ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠦᠴᠦᠲᠡᠢ ᠠᠷᠭ᠎ᠠ ᠬᠡᠮᠵᠢᠶ᠎ᠡ ᠠᠪᠴᠤ ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠳᠤ ᠣᠷᠣᠭᠤᠯᠵᠤ ᠂ ︽ᠤᠳᠠᠭᠠᠨ ︾ ︽ᠪᠦᠳᠦᠭᠦᠯᠢᠭ ︾ ︽ᠬᠡᠶᠢᠰᠪᠦᠷᠢ ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ︽ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ︽ᠪᠠᠷᠢᠮᠵᠢᠶ᠎ᠠ ᠶᠢ ᠳᠡᠭᠡᠭᠰᠢᠯᠡᠭᠦᠯᠭᠦ ᠂ ᠬᠤᠷᠳᠤᠴᠠ ᠶᠢ ᠳᠡᠭᠡᠭᠰᠢᠯᠡᠭᠦᠯᠭᠦ ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ︾ ᠲᠤᠰᠬᠠᠢ ᠠᠵᠢᠯᠯᠠᠭ᠎ᠠ ᠥᠷᠨᠢᠭᠦᠯᠵᠦ᠁ ᠵᠦᠢᠯᠡᠰ ᠳᠤᠮᠳᠠᠴᠢ ᠳᠤ 1 ᠭᠤᠭᠴᠤᠭ᠎ᠠ ᠶᠢ ᠴᠥᠭᠡᠳᠬᠡᠵᠦ ᠂ 1.5 ᠵᠦᠢᠯ ᠤᠨ ᠮᠠᠲ᠋ᠧᠷᠢᠶᠠᠯ ᠢ ᠬᠠᠰᠤᠵᠤ ᠂ ᠴᠠᠭ ᠤᠨ ᠬᠢᠵᠠᠭᠠᠷ ᠢ 13 ᠡᠳᠦᠷ ᠪᠣᠭᠤᠨᠢᠰᠬᠠᠪᠠ ᠃
ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠡᠷᠭᠢᠯᠲᠡ ᠶᠢ ᠠᠮᠢᠳᠤᠯᠢᠭᠵᠢᠭᠤᠯᠵᠤ ᠂ ︽ᠲᠤᠬᠵᠢᠷᠠᠮᠠᠯ ︾ ᠪᠡᠯᠡ ᠮᠥᠩᠭᠦ ᠶᠢ ᠳᠠᠭᠤᠳᠠᠨ ᠰᠡᠷᠡᠭᠡᠵᠦ ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠂ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠂ ᠲᠤᠨᠤᠮᠠᠯ ᠪᠡᠯᠡ ᠮᠥᠩᠭᠦ ᠂ ᠬᠠᠭᠠᠰ ᠳᠤᠲᠠᠭᠤ ᠤᠷᠭᠢᠬᠰᠠᠨ ᠢᠨᠵᠧᠨᠧᠷᠢᠩ ᠂ ᠨᠡᠭᠡᠭᠡᠯᠲᠡ ᠶᠢᠨ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠲᠤ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ ︾ ᠠᠵᠢᠯᠯᠠᠭ᠎ᠠ ᠶᠢ ᠭᠦᠨᠵᠡᠭᠡᠶᠢᠷᠡᠭᠦᠯᠵᠦ ᠂ 9326 ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠵᠥᠪᠰᠢᠶᠡᠷᠡᠬᠦ ᠴᠢᠬᠤᠯᠠᠲᠠᠢ ᠲᠠᠢ ᠶᠢ ᠭᠦᠢᠴᠡᠳ ᠵᠥᠪᠰᠢᠶᠡᠷᠡᠵᠦ ᠂ ᠰᠤᠯᠠ ᠲᠠᠯᠪᠢᠭᠳᠠᠵᠤ ᠪᠠᠶᠢᠭ᠎ᠠ ᠪᠠ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠪᠠᠶᠢᠭᠰᠠᠨ 36.1 ᠲᠦᠮᠡᠨ ᠮᠦ ᠭᠠᠵᠠᠷ ᠰᠢᠷᠣᠢ ᠶᠢ ᠰᠢᠢᠳᠪᠦᠷᠢᠯᠡᠵᠦ ᠂ 64.6 ᠳ᠋ᠦᠩᠰᠢᠭᠤᠷ ᠲᠥᠭᠦᠷᠢᠭ ᠤᠨ ᠲᠤᠨᠤᠮᠠᠯ ᠪᠡᠯᠡ ᠮᠥᠩᠭᠦ ᠶᠢ ᠪᠤᠴᠠᠭᠠᠨ ᠲᠤᠰᠢᠶᠠᠵᠤ ᠂ ᠬᠠᠭᠠᠰ ᠳᠤᠲᠠᠭᠤ ᠣᠷᠬᠢᠭᠳᠠᠭᠰᠠᠨ 360 ᠢᠨᠵᠧᠨᠧᠷᠢᠩ ᠤᠨ ᠲᠦᠷᠦᠯ ᠵᠦᠢᠯ ᠤᠨ ᠡᠷᠭᠢᠯᠲᠡ ᠶᠢ ᠠᠮᠢᠳᠤᠯᠢᠭᠵᠢᠭᠤᠯᠵᠤ ᠂ ᠨᠡᠭᠡᠭᠡᠯᠲᠡ ᠶᠢᠨ ᠣᠷᠣᠨ ᠤ ᠤᠷᠲᠤ ᠬᠤᠭᠤᠴᠠᠭ᠎ᠠ ᠪᠠᠷ ᠵᠣᠭᠰᠣᠭᠰᠠᠨ 99 ᠲᠥᠷᠥᠯ ᠵᠦᠢᠯ ᠤᠨ ᠡᠷᠭᠢᠯᠲᠡ ᠶᠢ ᠠᠮᠢᠳᠤᠯᠢᠭᠵᠢᠭᠤᠯᠵᠤ ᠂ ᠣᠷᠳᠣ ᠬᠤᠭᠤᠴᠠᠭ᠎ᠠ ᠪᠠᠷ ᠦᠢᠯᠡᠳᠪᠦᠷᠢᠯᠡᠯ ᠵᠣᠭᠰᠣᠭᠰᠠᠨ ᠪᠠ ᠦᠬᠦᠰᠢᠷᠡᠮᠡᠯ ᠠᠵᠤ ᠠᠬᠤᠶᠢᠯᠠᠯ ᠢ 186 ᠡᠷᠦᠭᠡ ᠰᠢᠢᠳᠪᠦᠷᠢᠯᠡᠵᠡᠢ ᠁ ᠡᠨᠡ ᠪᠣᠯ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠤᠬᠠᠮᠰᠠᠷ ᠢ ᠪᠤᠶ ᠪᠤᠯᠭᠠᠬᠤ ᠪᠣᠳᠠᠲᠠᠢ ᠠᠵᠢᠯᠯᠠᠭ᠎ᠠ ᠂ ᠨᠠᠩ ᠴᠤ ︽ᠰᠢᠨ᠎ᠡ ᠨᠣᠶᠠᠨ ᠬᠠᠭᠤᠴᠢᠨ ᠳᠠᠩᠰᠠ ᠶᠢ ᠬᠠᠮᠢᠶᠠᠷᠬᠤ ︾ ᠬᠠᠷᠢᠭᠤᠴᠠᠯᠭ᠎ᠠ ᠡᠭᠦᠷᠭᠡᠯᠡᠯ ᠮᠥᠨ ᠃
ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠴᠢᠩᠭᠠᠳᠬᠠᠬᠤ ᠰᠠᠨᠠᠯ ᠢ ᠲᠣᠭᠲᠠᠭᠠᠵᠤ ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠠᠷᠪᠠᠨ ᠶᠡᠭᠡ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ ᠂ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ ︾ ᠢ ᠰᠢᠯᠭᠠᠷᠠᠭᠤᠯᠬᠤ ᠶᠢᠨ ᠬᠠᠮᠲᠤ ᠴᠠᠭ ᠲᠤᠬᠠᠢ ᠳᠤᠨᠢ ᠳᠡᠪᠰᠢᠭᠦᠯᠦᠨ ᠬᠡᠷᠡᠭᠯᠡᠬᠦ ᠪᠤᠶᠤ ᠵᠡᠷᠭᠡ ᠳᠡᠰ ᠳᠡᠪᠰᠢᠭᠦᠯᠵᠦ ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠂ ᠠᠯᠳᠠᠭ᠎ᠠ ᠪᠤᠷᠤᠭᠤ ᠶᠢ ᠪᠠᠭᠲᠠᠭᠠᠬᠤ ᠪᠠ ᠵᠠᠯᠠᠷᠠᠭᠤᠯᠬᠤ 8 ᠵᠦᠢᠯ ᠤᠨ ᠰᠠᠨᠠᠯ ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠬᠡᠷᠡᠭᠵᠢᠭᠦᠯᠬᠦ ᠨᠠᠷᠢᠨ ᠳᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠂ ᠵᠥᠪ ᠲᠠᠯ᠎ᠠ ᠠᠴᠠ ᠵᠣᠷᠢᠭᠵᠢᠭᠤᠯᠬᠤ ᠂ ᠬᠠᠯᠠᠮᠵᠢᠯᠠᠨ ᠬᠠᠶᠢᠷᠠᠯᠠᠬᠤ ᠂ ᠠᠯᠳᠠᠭ᠎ᠠ ᠪᠤᠷᠤᠭᠤ ᠶᠢ ᠪᠠᠭᠲᠠᠭᠠᠬᠤ ᠪᠠ ᠵᠠᠯᠠᠷᠠᠭᠤᠯᠬᠤ ᠂ ᠰᠤᠷᠲᠠᠯ ᠢ ᠴᠡᠭᠴᠡᠯᠡᠨ ᠵᠠᠰᠠᠵᠤ ᠬᠢᠨᠠᠯᠲᠠ ᠲᠠᠯᠪᠢᠬᠤ ︽ᠬᠠᠮ ᠠᠷᠭ᠎ᠠ ᠬᠡᠮᠵᠢᠶ᠎ᠡ ︾ ᠭᠠᠷᠭᠠᠵᠤ ᠂ ᠳᠤᠷᠠᠲᠠᠶ᠎ᠠ ᠡᠭᠦᠷᠭᠡᠯᠡᠬᠦ ᠂ ᠵᠣᠷᠢᠭᠲᠠᠢ ᠪᠠᠷ ᠡᠭᠦᠷᠭᠡᠯᠡᠬᠦ ᠂ ᠴᠢᠳᠠᠮᠠᠭᠠᠢ ᠪᠠᠷ ᠡᠭᠦᠷᠭᠡᠯᠡᠬᠦ ᠶᠢ ᠲᠦᠯᠬᠢᠨ ᠠᠬᠢᠭᠤᠯᠪᠠ ᠃
ᠰᠤᠮᠤ ᠰᠢᠶᠠᠩ ᠪᠠᠯᠭᠠᠰᠤ ᠶᠢᠨ ᠺᠠᠳ᠋ᠷ ᠢ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ ᠂ ᠲᠤᠰᠢᠶᠠᠯ ᠤᠨ ᠳᠡᠰ ᠳᠡᠪᠰᠢᠬᠦ ᠶᠠᠪᠤᠳᠠᠯ ᠢ ᠦᠨᠳᠦᠰᠦᠨ ᠱᠠᠲᠤ ᠲᠡᠶᠢᠰᠢ ᠬᠡᠯᠪᠡᠶᠢᠯᠭᠡᠵᠦ ᠂ ᠣᠯᠭᠤᠮᠵᠢ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ ᠂ ᠦᠨᠳᠦᠰᠦᠨ ᠱᠠᠲᠤᠨ ᠤ ᠠᠯᠪᠠᠲᠠᠨ ᠤ ᠰᠠᠷ᠎ᠠ ᠶᠢᠨ ᠬᠥᠮᠥᠨ ᠳᠤᠮᠳᠠᠴᠢ ᠴᠠᠯᠢᠩ ᠢ 870 ᠲᠥᠭᠦᠷᠢᠭ ᠨᠡᠮᠡᠭᠳᠡᠭᠦᠯᠵᠦ ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠰᠠᠷ᠎ᠠ ᠶᠢᠨ ᠬᠥᠮᠥᠨ ᠳᠤᠮᠳᠠᠴᠢ ᠴᠠᠯᠢᠩ ᠢ 920 ᠲᠥᠭᠦᠷᠢᠭ ᠨᠡᠮᠡᠭᠳᠡᠭᠦᠯᠪᠡ ᠃ ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠤᠯᠠᠮ ᠭᠦᠢᠴᠡᠳ ᠪᠣᠯᠵᠤ ᠂ ᠡᠷᠴᠢ ᠵᠣᠷᠢᠭ ᠤᠯᠠᠮ ᠴᠢᠩᠭᠠᠷᠠᠪᠠ ᠃
ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠰᠡᠳᠦᠪᠲᠦ ᠬᠥᠮᠦᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠪᠣᠯᠣᠨ ᠴᠢᠬᠤᠯᠠ ᠶᠡᠭᠡ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠳᠦᠷᠢᠮ ᠤᠨ ᠭᠡᠯᠪᠡᠷᠢ ᠪᠠᠷ ᠲᠣᠭᠲᠠᠪᠤᠷᠢᠵᠢᠭᠤᠯᠵᠤ ᠂ ᠳᠠᠭᠢᠨ ᠳᠠᠪᠲᠠᠨ ᠢᠯᠡᠷᠡᠭᠰᠡᠨ ᠠᠰᠠᠭᠤᠳᠠᠯ ᠳᠤ ᠳᠦᠷᠢᠮ ᠤᠨ ᠲᠠᠯ᠎ᠠ ᠠᠴᠠ ᠰᠢᠯᠲᠠᠭᠠᠨ ᠡᠷᠢᠬᠦ ᠶᠢ ᠴᠢᠬᠤᠯᠠᠴᠢᠯᠠᠵᠤ ᠂ ᠲᠣᠭᠲᠠᠴᠠ ᠶᠢ ᠲᠡᠭᠦᠯᠳᠡᠷᠵᠢᠭᠦᠯᠬᠦ ᠂ ᠳᠦᠷᠢᠮ ᠲᠣᠭᠲᠠᠭᠠᠯ ᠲᠣᠭᠲᠠᠭᠠᠬᠤ ᠠᠵᠢᠯ ᠢ ᠰᠠᠶᠢᠲᠤᠷ ᠬᠢᠵᠦ ᠂ ᠠᠰᠠᠭᠤᠳᠠᠯ ᠳᠠᠭᠢᠨ ᠡᠭᠦᠰᠬᠦ ᠶᠢ ᠰᠡᠷᠭᠡᠶᠢᠯᠡᠵᠦ ᠂ ᠨᠢᠭᠡᠳᠦᠭᠡᠷ ᠪᠦᠯᠦᠭ ᠤᠨ ᠬᠥᠮᠦᠵᠢᠯ ᠳᠤ ᠣᠷᠣᠯᠴᠠᠬᠰᠠᠨ ᠨᠢᠭᠡᠴᠢ 2384 ᠵᠦᠢᠯ ᠤᠨ ᠳᠦᠷᠢᠮ ᠲᠣᠭᠲᠠᠭᠠᠯ ᠲᠣᠭᠲᠠᠭᠠᠪᠠ ᠃
ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠵᠦ ᠂ ᠦᠨᠡᠨ ᠪᠣᠳᠠᠲᠠᠢ ᠠᠵᠢᠯᠯᠠᠵᠤ ᠴᠢᠷᠮᠠᠶᠢᠨ ᠲᠡᠮᠡᠴᠡᠵᠦ ᠳᠤᠮᠳᠠ ᠲᠦᠪᠰᠢᠨ ᠳᠤ ᠣᠷᠣᠨ᠎ᠠ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠢᠮᠠᠭᠲᠠ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠠᠷ ᠳᠠᠮᠵᠢᠨ ᠬᠥᠭᠵᠢᠭᠡᠭᠰᠡᠨ ᠬᠠᠯᠠᠭᠤᠨ ᠰᠡᠳᠬᠢᠯᠭᠡ ᠪᠣᠯᠣᠨ ᠡᠷᠴᠢ ᠵᠣᠷᠢᠭ ᠢᠶᠠᠨ ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠬᠤᠶᠠᠷ ᠶᠡᠭᠡ ᠶᠠᠪᠤᠳᠠᠯ ᠢ ᠬᠦᠴᠦᠯᠡᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠃
︵ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ︶