ᠰᠦᠨ ᠱᠣᠤ ᠴᠧᠩ ᠬᠢᠩᠭᠠᠨ ᠠᠶᠢᠮᠠᠭ ᠲᠤ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠪᠠᠶᠢᠴᠠᠭᠠᠨ ᠰᠣᠳᠣᠯᠣᠭᠰᠠᠨ ᠪᠥᠭᠡᠳ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠣᠷᠪᠣᠯᠵᠢᠯᠠᠯ ᠬᠢᠭᠰᠡᠳ ᠢ ᠬᠠᠷᠢᠭᠤ ᠰᠣᠷᠪᠣᠯᠵᠢᠯᠠᠪᠠ
ᠨᠡᠶᠢᠲᠡᠯᠡᠭᠰᠡᠨ ᠴᠠᠭ᠄
2023/9/21


      9 ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠰᠦᠨ ᠱᠣᠤ ᠴᠧᠩ ᠬᠢᠩᠭᠠᠨ ᠠᠶᠢᠮᠠᠭ ᠲᠤ ᠪᠠᠶᠢᠴᠠᠭᠠᠨ ᠰᠣᠳᠣᠯᠣᠯᠲᠠ ᠬᠢᠬᠦ ᠬᠤᠭᠤᠴᠠᠭᠠᠨ ᠳᠠᠭᠠᠨ ᠵᠠᠬᠢᠳᠠᠯ ᠰᠣᠷᠪᠣᠯᠵᠢᠯᠠᠯ ᠢ ᠣᠷᠣᠯᠠᠨ ᠭᠦᠢᠴᠡᠳᠬᠡᠭᠰᠡᠨ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠵᠠᠬᠢᠳᠠᠯ ᠰᠣᠷᠪᠣᠯᠵᠢᠯᠠᠯ ᠤᠨ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠶᠢ ᠠᠬᠢᠭᠤᠯᠤᠭᠰᠠᠨ ᠪᠥᠭᠡᠳ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠣᠷᠪᠣᠯᠵᠢᠯᠠᠯ ᠬᠢᠭᠰᠡᠳ ᠢ ᠬᠠᠷᠢᠭᠤ ᠰᠣᠷᠪᠣᠯᠵᠢᠯᠠᠪᠠ᠃


1.jpg


      ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠣᠷᠪᠤᠯᠵᠢᠯᠠᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠬᠦᠰᠡᠯ ᠭᠤᠶᠤᠴᠢᠯᠠᠯ ᠢᠶᠠᠨ ᠲᠤᠰᠬᠠᠬᠤ ᠳᠤ ᠳᠦᠭᠦᠮ ᠦᠵᠡᠭᠦᠯᠵᠦ᠂ ᠵᠦᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠬᠤ ᠨᠢᠭᠡ ᠵᠦᠢᠯ ᠤᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃ ᠬᠢᠩᠭᠠᠨ ᠠᠶᠢᠮᠠᠭ ᠪᠣᠯ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠤᠨ ᠪᠦᠬᠦ ᠣᠷᠣᠨ ᠪᠦᠰᠡ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠣᠨ᠎ᠠ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ ᠠᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠶᠢ ᠰᠦᠨ ᠱᠣᠤ ᠴᠧᠩ ᠮᠠᠰᠢ ᠠᠩᠬᠠᠷᠴᠤ ᠪᠠᠶᠢᠯ᠎ᠠ᠃ ᠲᠡᠷᠡ ᠲᠣᠬᠠᠢ ᠶᠢᠨ ᠭᠠᠵᠠᠷ ᠤᠨ ᠺᠠᠳ᠋ᠷ ᠠᠴᠠ ᠣᠷᠣᠯᠠᠨ ᠭᠦᠢᠴᠡᠳᠬᠡᠬᠦ ᠲᠦᠷᠢᠮ ᠤᠨ ᠪᠣᠲᠠᠲᠠᠢ ᠶᠠᠪᠤᠴᠠ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠬᠦᠯᠢᠶᠡᠨ ᠠᠪᠴᠤ ᠰᠢᠢᠳᠪᠦᠷᠢᠯᠡᠬᠦ ᠠᠴᠠ ᠭᠦᠢᠴᠡᠳᠬᠡᠬᠦ ᠪᠤᠶᠤ ᠰᠢᠯᠵᠢᠭᠦᠯᠦᠨ ᠰᠢᠢᠳᠪᠦᠷᠢᠯᠡᠭᠦᠯᠬᠦ ᠬᠦᠷᠲᠡᠯ᠎ᠡ᠂ ᠳᠠᠬᠢᠭᠠᠳ ᠮᠦᠷᠳᠡᠨ ᠳᠠᠭᠠᠬᠤ ᠪᠠ ᠬᠠᠷᠢᠭᠤ ᠲᠤᠰᠬᠠᠬᠤ ᠬᠦᠷᠲᠡᠯᠡᠬᠢ ᠭᠤᠭᠴᠤᠭ᠎ᠠ ᠪᠦᠷᠢ ᠶᠢ ᠴᠥᠮ ᠮᠠᠰᠢ ᠨᠠᠷᠢᠨ ᠨᠢᠭᠲᠠ ᠠᠰᠠᠭᠤᠵᠠᠢ᠃


2.jpg


      ᠰᠦᠨ ᠱᠣᠤ ᠴᠧᠩ᠂ ᠵᠠᠬᠢᠳᠠᠯ ᠰᠣᠷᠪᠤᠯᠵᠢᠯᠠᠯ ᠤᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ︽ᠬᠤᠪᠢᠷᠠᠯᠲᠠ ᠶᠢᠨ ᠰᠢᠯᠭᠠᠭᠤᠷ︾ ᠮᠥᠨ᠃ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠳᠤ ᠣᠯᠠᠨ ᠲᠦᠮᠡᠨ ᠢ ᠤᠴᠢᠷ ᠶᠠᠪᠤᠳᠠᠯ ᠪᠠᠶᠢᠳᠠᠯ ᠤᠨ ᠲᠥᠯᠥᠭᠡ ᠳᠦᠭᠦᠮᠬᠡᠨ ᠢᠶᠠᠷ ᠵᠠᠷᠤᠭᠳᠠᠬᠤ ᠪᠢᠰᠢ᠂ ᠬᠠᠷᠢᠨ ᠣᠯᠠᠨ ᠲᠦᠮᠡᠨ ᠢ ᠦᠨᠡᠨ ᠪᠣᠲᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠬᠠᠮᠲᠤ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠲᠡᠳᠡᠨ ᠳᠤ ᠬᠠᠷᠢᠭᠤ ᠲᠤᠰᠬᠠᠬᠤ ᠬᠡᠷᠡᠭᠲᠡᠢ᠂ ᠳᠡᠭᠡᠷ᠎ᠡ ᠱᠠᠲᠤᠨ ᠳᠠᠭᠠᠨ ᠮᠠᠶ᠋ᠢᠭ ᠭᠠᠷᠭᠠᠨ ᠳᠦᠷᠢ ᠦᠵᠡᠭᠦᠯᠵᠦ ᠶᠠᠭᠠᠬᠢᠭᠰᠠᠨ ᠴᠤ ᠪᠣᠯᠬᠤ ᠦᠭᠡᠢ᠂ ᠨᠡᠩ ᠴᠦ ᠦᠩᠭᠡᠪᠴᠢ ᠠᠵᠢᠯ ᠬᠢᠵᠦ ᠣᠯᠠᠨ ᠲᠦᠮᠡᠨ ᠢ ᠬᠠᠭᠤᠷᠴᠤ ᠪᠣᠯᠬᠤ ᠦᠭᠡᠢ᠃ ᠣᠷᠣᠯᠠᠨ ᠭᠦᠢᠴᠡᠳᠬᠡᠬᠦ ᠳᠦᠷᠢᠮ ᠳᠤ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠂ ᠠᠩᠬ᠎ᠠ ᠬᠦᠯᠢᠶᠡᠵᠦ ᠠᠪᠤᠭᠰᠠᠨ ᠬᠦᠮᠦᠨ ᠬᠠᠷᠢᠭᠤᠴᠠᠨ ᠰᠢᠢᠳᠪᠦᠷᠢᠯᠡᠬᠦ᠂ ᠤᠴᠢᠷ ᠶᠠᠪᠤᠳᠠᠯ ᠢ ᠣᠷᠣᠯᠠᠨ ᠰᠢᠢᠳᠪᠦᠷᠢᠯᠡᠬᠦ᠂ ᠬᠡᠷᠡᠭ ᠢ ᠰᠢᠢᠳᠪᠦᠷᠢᠯᠡᠵᠦ ᠳᠠᠭᠤᠰᠬᠠᠬᠤ ᠵᠡᠷᠭᠡ ᠭᠤᠷᠪᠠᠨ ᠵᠦᠢᠯ ᠤᠨ ᠠᠯᠢ ᠨᠢ ᠴᠤ ᠳᠤᠲᠠᠭᠳᠠᠵᠤ ᠪᠣᠯᠬᠤ ᠦᠭᠡᠢ ᠶᠤᠮ᠃ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠵᠦ᠂ ᠶᠣᠰᠣ ᠳᠦᠷᠢᠮ ᠢ ᠰᠠᠶᠢᠲᠤᠷ ᠳᠣᠭᠲᠠᠭᠠᠵᠤ᠂ ︽ᠬᠡᠨ ᠣᠷᠣᠯᠠᠬᠤ᠂ ᠬᠡᠨ ᠭᠦᠢᠴᠡᠳᠬᠡᠬᠦ᠂ ᠶᠠᠭᠤ ᠶᠢ ᠣᠷᠣᠯᠠᠬᠤ᠂ ᠶᠠᠭᠠᠬᠢᠵᠤ ᠣᠷᠣᠯᠠᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠷᠣᠯᠠᠨ ᠭᠦᠢᠴᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠰᠢᠭᠤ ᠰᠢᠶᠠᠨ ᠠᠴᠠ ᠠᠶᠢᠮᠠᠭ ᠬᠤᠲᠠ ᠬᠦᠷᠬᠦ ᠂ ᠠᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠬᠡᠬᠦ ᠠᠷᠭ᠎ᠠ ᠵᠠᠮ ᠢ ᠲᠤᠶᠢᠯᠪᠤᠷᠢᠲᠠᠢ ᠨᠡᠪᠲᠡᠷᠡᠭᠦᠯᠵᠦ᠂ ᠡᠮᠦᠨ᠎ᠡ ᠬᠤᠶᠢᠨᠠᠬᠢ ᠶᠢ ᠵᠣᠯᠭᠠᠯᠳᠤᠭᠤᠯᠬᠤ᠂ ᠳᠡᠭᠡᠷ᠎ᠡ ᠳᠣᠣᠷ᠎ᠠ ᠶᠢ ᠨᠡᠪᠲᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠣᠲᠠᠲᠠᠢ ᠶᠢ ᠨᠢᠭᠲᠠ ᠤᠶᠠᠯᠳᠤᠭᠤᠯᠤᠨ ᠰᠦᠪᠡᠭᠴᠢᠯᠡᠨ ᠦᠢᠯᠡᠳᠦᠯᠭᠡᠵᠢᠭᠦᠯᠵᠦ᠂ ᠰᠠᠶᠢᠨ ᠲᠤᠷᠰᠢᠯᠭ᠎ᠠ ᠲᠠᠢ ᠪᠣᠯᠪᠠᠯ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃


3.jpg


      ᠰᠦᠨ ᠱᠣᠤ ᠴᠧᠩ ᠤᠯᠠᠭᠠᠨᠬᠤᠲᠠ ᠶᠢᠨ ᠱᠧᠩ ᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠵᠦ᠂ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠣᠷᠪᠤᠯᠵᠢᠯᠠᠯ ᠬᠢᠭᠰᠡᠳ ᠲᠠᠢ ᠨᠢᠭᠤᠷᠳᠡᠨ ᠶᠠᠷᠢᠯᠴᠠᠵᠤ᠂ ᠲᠡᠳᠡᠨ ᠤ ᠵᠠᠬᠢᠳᠠᠯ ᠰᠣᠷᠪᠣᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠳᠤ ᠬᠠᠨᠤᠮᠵᠢᠲᠠᠢ ᠪᠠᠶᠢᠬᠤ ᠡᠰᠡᠬᠦ ᠶᠢ ᠨᠢᠭᠡᠳ ᠨᠢᠭᠡ ᠪᠠᠷ ᠯᠠᠪᠯᠠᠨ ᠠᠰᠠᠭᠤᠪᠠ᠃ ᠲᠡᠷᠡ᠂ ᠵᠠᠬᠢᠳᠠᠯ ᠰᠣᠷᠪᠣᠯᠵᠢᠯᠠᠯ ᠤᠨ ᠬᠦᠰᠡᠯ ᠭᠤᠶᠤᠴᠢᠯᠠᠯ ᠢ ᠰᠢᠢᠳᠪᠦᠷᠢᠯᠡᠬᠦ ᠳᠤ᠂ ᠲᠤᠰᠤᠯᠲᠠ ᠪᠠᠨ ᠡᠷᠬᠡᠪᠰᠢ ︽ᠶᠠᠪᠤᠳᠠᠯ ᠪᠣᠯᠭᠠᠨ ᠰᠢᠢᠳᠪᠦᠷᠢᠯᠡᠬᠦ︾ ᠳᠡᠭᠡᠷ᠎ᠡ ᠲᠠᠯᠪᠢᠵᠤ  ᠂ ᠣᠯᠠᠨ ᠲᠦᠮᠡᠨ ᠢ ᠬᠠᠨᠣᠮᠵᠢᠲᠠᠢ ᠪᠠᠶᠢᠯᠭᠠᠵᠤ᠂ ᠬᠤᠣᠷ ᠦᠨᠳᠦᠰᠦ ᠶᠢ ᠦᠯᠡᠳᠡᠭᠡᠬᠦ ᠦᠭᠡᠢ᠂ ︽ᠰᠡᠭᠦᠯ︾ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠣᠳᠣᠬᠠᠨ ᠤ ᠪᠠ ᠠᠯᠤᠰ ᠬᠡᠳᠦ ᠶᠢᠨ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦᠨ ᠠᠴᠠ ᠨᠢ ᠵᠠᠰᠠᠬᠤ ᠶᠢ ᠨᠢᠭᠡᠲᠦᠯᠲᠡᠢ ᠲᠥᠯᠥᠪᠵᠢᠭᠦᠯᠵᠦ᠂ ᠵᠠᠬᠢᠳᠠᠯ ᠰᠣᠷᠪᠣᠯᠵᠢᠯᠠᠯ ᠤᠨ ᠵᠦᠢᠯᠡᠰ ᠪᠦᠬᠦᠨ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠭᠤᠶᠤᠴᠢᠯᠠᠯ ᠢ ᠰᠠᠶᠢᠲᠤᠷ ᠰᠢᠢᠳᠪᠦᠷᠢᠯᠡᠵᠦ᠂ ︽ᠶᠠᠪᠤᠳᠠᠯ ᠢ ᠲᠦᠢᠯᠪᠦᠷᠢᠲᠡᠢ ᠰᠢᠢᠳᠪᠦᠷᠢᠯᠡᠬᠦ︾ ᠪᠠᠷ ᠬᠡᠷᠡᠭ ᠢ ᠦᠨᠡᠨ ᠬᠦ ᠰᠢᠢᠳᠪᠦᠷᠢᠯᠡᠵᠦ ᠳᠠᠭᠤᠰᠬᠠᠬᠤ ᠬᠡᠷᠡᠭᠲᠡᠢ ᠭᠡᠵᠡᠢ᠃

      ᠢᠤᠢ ᠯᠢ ᠰᠢᠨ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ