ᠬᠥᠯᠥᠨ ᠪᠤᠶᠢᠷ ᠬᠤᠲᠠ ᠶᠢᠨ ᠣᠯᠠᠨ ᠪᠦᠲᠦᠭᠡᠭᠳᠡᠬᠦᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/9/21

      ᠲᠦᠷᠦᠭᠦᠬᠡᠨ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ  ᠶᠢᠨ ᠠᠮᠤᠷ ᠲᠦᠪᠰᠢᠨ ᠤ ᠲᠥᠪ 2023 ᠣᠨ ᠤ ᠬᠤᠶᠠᠳᠠᠭᠴᠢ ᠪᠦᠯᠦᠭ ᠪᠦᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠠᠶᠢᠳᠠ 6 ᠤᠷᠤᠪᠠ ᠂ ᠡᠭᠦᠨ ᠳᠤ ᠲᠣᠰ ᠲᠣᠰ᠄ ᠵᠠᠯᠠᠨ ᠠᠶᠢᠯ ᠤᠨ ᠰᠢᠷ᠎ᠠ ᠪᠤᠷᠴᠠᠭ ᠂ ᠵᠠᠯᠠᠨ ᠠᠶᠢᠯ ᠤᠨ ᠲᠠᠬᠢᠶᠠᠨ ᠥᠨᠳᠡᠭᠡ ᠂ ᠠᠷᠤᠨ ᠬᠤᠰᠢᠭᠤᠨ ᠤ ᠦᠬᠡᠷ ᠤᠨ ᠮᠢᠬ᠎ᠠ ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠭᠦᠨᠢᠶᠠᠩ ᠵᠢᠮᠢᠰ ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠰᠢᠷ᠎ᠠ ᠪᠤᠷᠴᠠᠭ ᠪᠠ ᠬᠠᠭᠤᠴᠢᠨ ᠪᠠᠷᠭᠤ ᠬᠤᠰᠢᠭᠤᠨ ᠤ ᠭᠤᠷᠪᠠᠨ ᠭᠤᠣᠯ ᠤᠨ ᠦᠬᠡᠷ ᠵᠡᠷᠭᠡ ᠪᠣᠯᠣᠨ᠎ᠠ᠃

      ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠨᠢ ᠲᠣᠭᠲᠠᠭᠰᠠᠨ ᠣᠷᠣᠨ ᠪᠦᠰᠡ ᠳᠤ ᠦᠢᠯᠡᠳᠪᠦᠷᠢᠯᠡᠭᠰᠡᠨ ᠂ ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ ᠪᠦᠷᠢᠳᠦᠭᠦᠯᠦᠭᠰᠡᠨ ᠂ ᠢᠯᠡᠷᠬᠡᠢ ᠣᠷᠣᠨ ᠪᠦᠰᠡ ᠶᠢᠨ ᠣᠨᠴᠠᠯᠢᠭ ᠪᠠ ᠥᠪᠡᠷᠮᠢᠴᠡ ᠰᠢᠮ᠎ᠡ ᠲᠡᠵᠢᠭᠡᠯ ᠤᠨ ᠴᠢᠨᠠᠷ ᠴᠢᠨᠰᠠᠭ᠎ᠠ ᠶᠢᠨ ᠣᠨᠴᠠᠯᠢᠭ ᠲᠠᠢ ᠂ ᠲᠣᠭᠲᠠᠪᠤᠷᠢᠲᠠᠢ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠂ ᠤᠯᠠᠨ ᠨᠡᠶᠢᠲᠡ ᠳᠤ ᠰᠠᠶᠢᠨ ᠲᠠᠨᠢᠭᠳᠠᠵᠦ ᠥᠨᠳᠥᠷ ᠦᠨᠡᠯᠡᠯᠲᠡ ᠠᠪᠤᠭᠰᠠᠨ ᠪᠥᠭᠡᠳ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ  ᠶᠢᠨ ᠠᠮᠤᠷ ᠲᠦᠪᠰᠢᠨ ᠤ ᠲᠥᠪ ᠠᠴᠠ ᠠᠯᠪᠠᠨ ᠵᠠᠷ ᠨᠡᠶᠢᠲᠡᠯᠡᠵᠦ ᠦᠨᠡᠮᠯᠡᠯ ᠣᠯᠭᠤᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠠᠶᠢᠨ᠎ᠠ ᠃ ᠣᠳᠣᠬᠠᠨ ᠳᠤ ᠂ ᠬᠥᠯᠥᠨ ᠪᠤᠶᠢᠷ ᠬᠤᠲᠠ ᠶᠢᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠨᠠᠶᠢᠲᠡ 52 ᠪᠠᠶᠢᠨ᠎ᠠ ᠃

      ᠣᠶᠢᠷ᠎ᠠ ᠶᠢᠨ ᠵᠢᠯ ᠤᠳ ᠲᠤ ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠠᠷᠠᠳ ᠣᠯᠠᠨ ᠳᠤ ᠪᠠᠨ ᠡᠷᠡᠭᠦᠯ ᠠᠶᠤᠯ ᠦᠭᠡᠢ ᠬᠤᠭᠤᠯᠠ ᠬᠦᠨᠡᠰᠦ ᠬᠠᠩᠭᠠᠬᠤ ᠪᠠᠷ ᠨᠠᠭᠠᠲᠤ ᠵᠠᠬ᠎ᠠ ᠶᠢᠨ ᠪᠠᠷᠢᠮᠵᠢᠶ᠎ᠠ ᠪᠣᠯᠭᠠᠵᠤ ᠂ ︽ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤᠯᠠᠬᠤ ᠂ ᠴᠢᠳᠠᠪᠤᠷᠢ ᠶᠢ ᠳᠡᠭᠡᠭᠰᠢᠯᠡᠭᠦᠯᠦᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠪᠣᠬᠢᠷᠲᠤᠯ ᠦᠭᠡᠢ ᠦᠢᠯᠡᠳᠪᠦᠷᠢᠯᠡᠯ ᠤᠨ ᠪᠠᠷᠢᠮᠵᠢᠶ᠎ᠠ ᠶᠢ ᠥᠨᠳᠥᠷ ᠪᠣᠯᠭᠠᠬᠤ ︾ ᠪᠠᠷ ᠭᠤᠣᠯ ᠰᠢᠵᠢᠮ ᠪᠣᠯᠭᠠᠵᠤ ᠂ ︽ᠦᠢᠯᠡᠳᠪᠦᠷᠢᠯᠡᠯ ᠳᠤ ᠨᠠᠶᠢᠳᠠᠬᠤ ︾ ᠪᠠ ︽ ᠬᠠᠮᠢᠶᠠᠷᠤᠯᠲᠠ ᠳᠤ ᠨᠠᠶᠢᠳᠠᠬᠤ ︾ ᠶᠢ ᠠᠮᠢᠳᠤᠯᠢᠭ  ᠢᠶᠠᠷ ᠤᠶᠠᠯᠳᠤᠭᠤᠯᠬᠤ ᠶᠢ ᠠᠬᠢᠭᠤᠯᠤᠨ ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠᠨ ᠡᠷᠴᠢᠮᠵᠢᠭᠦᠯᠵᠦ ᠂ ᠦᠢᠯᠡᠳᠪᠦᠷᠢᠯᠡᠯ ᠤᠨ ᠡᠬᠢ ᠡᠭᠦᠰᠦᠯ ᠠᠴᠠ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ ᠂ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ