9 ᠰᠠᠷ᠎ᠠ ᠶᠢᠨ 18 ᠠᠴᠠ 20 ᠤ ᠡᠳᠦᠷ ᠪᠤᠯᠲᠠᠯ᠎ᠠ ᠂ ᠰᠦᠨ ᠱᠤᠤ ᠴᠧᠩ ᠬᠢᠩᠭᠠᠨ ᠠᠶᠢᠮᠠᠭ ᠲᠤ ᠭᠦᠨᠵᠡᠭᠡᠶᠢᠷᠡᠵᠦ ᠂ ᠬᠠᠷᠢᠯᠴᠠᠬᠤ ᠴᠡᠭ ᠤᠨ ᠢᠶᠠᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃
ᠰᠦᠨ ᠱᠤᠤ ᠴᠧᠩ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠲᠦᠴᠢᠦᠸᠠᠨ ᠰᠢᠶᠠᠨ ᠂ ᠵᠠᠯᠠᠶᠢᠳ ᠬᠤᠰᠢᠭᠤᠨ ᠳᠤ ᠬᠦᠷᠴᠦ ᠂ ᠲᠤᠬᠠᠢ ᠶᠢᠨ ᠭᠠᠵᠠᠷ ᠤᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠪᠣᠯᠣᠨ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠶᠢ ᠨᠠᠷᠢᠨ ᠠᠰᠠᠭᠤᠪᠠ ᠃ ᠲᠡᠷᠡ ᠪᠠᠰᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ ᠃

ᠰᠦᠨ ᠱᠤᠤ ᠴᠧᠩ ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠥᠪᠡᠷ ᠤᠨ ᠪᠡᠶ᠎ᠡ ᠪᠠᠷ ᠢᠶᠠᠨ ᠲᠥᠯᠥᠪᠵᠢᠭᠦᠯᠦᠨ ᠪᠠᠶᠢᠷᠢᠯᠠᠭᠤᠯᠤᠭᠰᠠᠨ ᠶᠤᠮ ᠂ ᠪᠢᠳᠡ ᠵᠠᠪᠠᠯ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠴᠠ ᠪᠠ ᠤᠯᠤᠰ ᠲᠦᠷᠦ ᠶᠢᠨ ᠤᠬᠠᠮᠰᠠᠷ ᠢᠶᠠᠷ ᠂ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠡᠭᠦᠨ ᠤ ᠳᠤᠮᠳᠠ ᠠᠴᠠ ᠦᠨᠡᠨ ᠬᠦ ᠬᠥᠮᠦᠵᠢᠯ ᠭᠦᠷᠳᠡᠭᠦ ᠬᠡᠷᠡᠭᠲᠡᠢ ᠃ ᠤᠨᠤᠯ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ ᠂ ᠪᠦᠭᠦ ᠲᠠᠯ᠎ᠠ ᠪᠠᠷ ᠰᠤᠷᠤᠯᠴᠠᠵᠦ ᠂ ᠨᠢᠭᠡᠳᠦᠯᠲᠡᠢ ᠲᠥᠯᠥᠪᠵᠢᠭᠦᠯᠦᠨ ᠰᠤᠷᠤᠯᠴᠠᠵᠦ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠣᠶᠢᠯᠠᠭᠠᠨ ᠡᠵᠡᠮᠰᠢᠵᠦ ᠂ ︽ ᠥᠪᠥᠷ ᠮᠣᠩᠭᠤᠯ ᠤᠨ ᠬᠠᠭᠤᠳᠠᠰᠤ︾ ᠶᠢ ᠲᠣᠪᠣᠶᠢᠮ᠎ᠠ ᠰᠠᠶᠢᠲᠤᠷ ᠰᠤᠷᠤᠯᠴᠠᠬᠤ ᠶᠢᠨ ᠬᠠᠮᠲᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠬᠠᠶᠢᠯᠠᠭᠰᠠᠨ ᠠᠵᠢᠯ ᠢ ᠰᠤᠷᠤᠯᠴᠠᠵᠦ ᠂ ᠲᠦᠷᠦ ᠶᠢᠨ ᠪᠣᠳᠣᠯᠭ᠎ᠠ ᠶᠢ ᠰᠤᠷᠤᠯᠴᠠᠬᠤ ᠬᠡᠷᠡᠭᠲᠡᠢ ᠃ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠬᠤ ᠬᠡᠷᠡᠭᠲᠡᠢ ᠂ ᠭᠡᠪᠡᠴᠦ ᠮᠧᠬᠠᠨᠢᠭ ᠢᠶᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ ᠦᠭᠡᠢ ᠂ ᠵᠠᠪᠠᠯ ᠪᠣᠳᠠᠲᠠᠢ ᠠᠴᠠ ᠡᠭᠦᠰᠴᠦ ᠂ ᠶᠠᠭᠠᠬᠢᠵᠤ ᠬᠢᠪᠡᠯ ᠦᠷ᠎ᠡ ᠪᠦᠲᠦᠮᠵᠢ ᠨᠡᠩ ᠰᠠᠶᠢᠨ ᠪᠣᠯ ᠲᠡᠭᠡᠵᠤ ᠬᠢᠵᠦ ᠂ ᠳᠡᠭᠡᠳᠦ ᠳᠣᠣᠷᠠᠳᠤ ᠱᠠᠲᠤ ᠪᠠᠷ ᠢᠶᠠᠨ ᠡᠭᠡᠭᠡ ᠠᠳᠠᠯᠢ ᠪᠠᠶᠢᠬᠤ ᠠᠴᠠ ᠵᠠᠶᠢᠯᠠᠰᠬᠢᠬᠦ ᠬᠡᠷᠡᠭᠲᠡᠢ ᠃ ᠤᠯᠡᠠ ᠲᠦᠮᠡᠨ ᠤ ᠬᠦᠰᠡᠵᠦ ᠪᠠᠶᠢᠭ᠎ᠠ ᠪᠠᠴᠢᠮ ᠱᠠᠭᠠᠷᠳᠠᠯᠭ᠎ᠠ ᠶᠢ ᠲᠣᠳᠣᠷᠬᠠᠢ ᠣᠶᠢᠯᠠᠭᠠᠵᠤ ᠂ ᠤᠯᠡᠠ ᠲᠦᠮᠡᠨ ᠤ ᠬᠠᠨᠤᠮᠵᠢ ᠦᠭᠡᠢ ᠪᠠᠶᠢᠭ᠎ᠠ ᠵᠦᠢᠯ ᠢ ᠡᠷᠢᠨ ᠭᠠᠷᠭᠠᠵᠤ ᠂ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠂ ᠬᠡᠯᠪᠡᠷᠢᠴᠢ ᠦᠵᠡᠯ ᠢ ᠡᠷᠡᠰ ᠴᠡᠭᠡᠷᠯᠡᠬᠦ ᠬᠡᠷᠡᠭᠲᠡᠢ ᠃ ᠢᠯᠡᠷᠡᠯ ᠨᠢ ᠦᠨᠳᠦᠰᠦᠨ ᠱᠠᠲᠤᠨ ᠳᠤ ᠪᠠᠶᠢᠪᠠᠴᠤ ᠤᠭ ᠦᠨᠳᠦᠰᠦ ᠨᠢ ᠳᠡᠭᠡᠷ᠎ᠡ ᠱᠠᠲᠤᠨ ᠳᠤ ᠪᠠᠶᠢᠬᠤ ᠲᠡᠳᠡᠭᠡᠷ ᠠᠰᠠᠭᠤᠳᠠᠯ ᠢ ᠴᠤ ᠡᠷᠢᠨ ᠭᠠᠷᠭᠠᠵᠤ ᠂ ᠴᠠᠭ ᠲᠤᠬᠠᠢ ᠳᠤᠨᠢ ᠳᠡᠭᠡᠭᠰᠢ ᠲᠤᠰᠬᠠᠵᠤ ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠢᠯᠭᠠᠨ ᠪᠠᠶᠢᠴᠠᠭᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠭᠰᠡᠨ ᠦᠷ᠎ᠡ ᠪᠦᠲᠦᠮᠵᠢ ᠪᠠᠷ ᠰᠢᠯᠭᠠᠨ ᠪᠠᠶᠢᠴᠠᠭᠠᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠬᠤᠶᠠᠷ ᠲᠠᠯ᠎ᠠ ᠪᠠᠷ ᠠᠳᠬᠤᠵᠤ ᠂ ᠬᠤᠶᠠᠷ ᠲᠠᠯ᠎ᠠ ᠶᠢ ᠦᠯᠦ ᠰᠠᠭᠠᠲᠠᠭᠠᠬᠤ ᠬᠡᠷᠡᠭᠲᠡᠢ ᠃ ᠬᠢᠩᠭᠠᠨ ᠠᠶᠢᠮᠠᠭ ᠭᠠᠵᠠᠷ ᠰᠢᠷᠣᠢ ᠶᠢ ᠡᠵᠡᠩᠨᠡᠬᠦ ᠲᠠᠯ᠎ᠠ ᠪᠠᠷ ᠪᠦᠭᠦ ᠣᠷᠣᠨ ᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ ᠂ ᠦᠷᠭᠦᠯᠵᠢᠯᠡᠨ ᠵᠣᠷᠢᠭᠲᠠᠢ ᠪᠠᠷ ᠰᠦᠪᠡᠭᠴᠢᠯᠡᠨ ᠦᠢᠯᠡᠳᠦᠯᠭᠡᠵᠢᠭᠦᠯᠵᠦ ᠂ ᠨᠡᠩ ᠤᠯᠠᠨ ᠰᠢᠨ᠎ᠡ ᠲᠤᠷᠰᠢᠯᠭ᠎ᠠ ᠶᠢ ᠴᠢᠷᠮᠠᠶᠢᠨ ᠡᠭᠦᠳᠬᠦ ᠬᠡᠷᠡᠭᠲᠡᠢ ᠭᠡᠪᠡ ᠃

ᠰᠦᠨ ᠱᠤᠤ ᠴᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠂ ᠬᠤᠰᠢᠭᠤ ᠪᠠᠯᠭᠠᠰᠤ ᠬᠤᠶᠠᠷ ᠱᠠᠲᠤᠨ ᠤ ︽ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ ᠣᠶᠢᠯᠠᠭᠠᠪᠠ ᠃ ᠲᠡᠷᠡ ᠂ ᠡᠨᠡ ᠠᠵᠢᠯᠯᠠᠭ᠎ᠠ ᠶᠢ ᠥᠷᠨᠢᠭᠦᠯᠬᠦ ᠳᠤ ᠂ ᠤᠯᠠᠨ ᠲᠦᠮᠡᠨ ᠢ ᠨᠠᠮ ᠤᠨ ᠠᠴᠢ ᠡᠨᠡᠷᠢᠯ ᠳᠤ ᠲᠠᠯᠠᠷᠬᠠᠭᠤᠯᠬᠤ ᠪᠣᠯ ᠴᠢᠬᠤᠯᠠ ᠶᠤᠮ ᠂ ᠡᠩ ᠲᠡᠷᠢᠭᠦᠨ ᠳᠤ ᠤᠯᠠᠨ ᠲᠦᠮᠡᠨ ᠳᠤ ᠨᠠᠮ ᠤᠨ ᠠᠴᠢ ᠶᠢ ᠮᠡᠳᠡᠭᠦᠯᠬᠦ ᠬᠡᠷᠡᠭᠲᠡᠢ ᠂ ᠤᠴᠢᠷ ᠨᠢ ᠨᠠᠮ ᠤᠨ ᠠᠴᠢ ᠶᠢ ᠮᠡᠳᠡᠪᠡᠯ ᠰᠠᠶ᠋ᠢ ᠨᠠᠮ ᠤᠨ ᠠᠴᠢ ᠡᠨᠡᠷᠢᠯ ᠳᠤ ᠲᠠᠯᠠᠷᠬᠠᠨ᠎ᠠ ᠂ ᠨᠠᠮ ᠤᠨ ᠠᠴᠢ ᠡᠨᠡᠷᠢᠯ ᠳᠤ ᠲᠠᠯᠠᠷᠬᠠᠪᠠᠯ ᠰᠠᠶ᠋ᠢ ᠦᠨᠡᠨ ᠰᠡᠳᠬᠢᠯ ᠠᠴᠠ ᠪᠠᠨ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠬᠤ ᠶᠢ ᠪᠡᠶᠡᠯᠡᠭᠦᠯᠵᠦ ᠴᠢᠳᠠᠨ᠎ᠠ ᠃ ᠤᠯᠠᠨ ᠲᠦᠮᠡᠨ ᠤ ᠳᠡᠷᠭᠡᠳᠡᠬᠢ ᠶᠠᠪᠤᠳᠠᠯ ᠂ ᠬᠥᠮᠥᠰ ᠢ ᠢᠲᠡᠭᠡᠭᠦᠯᠬᠦ ᠶᠣᠰᠣ ᠤᠴᠢᠷ ᠪᠣᠯᠣᠨ ᠭᠥᠯᠢᠶᠡᠨ ᠠᠪᠬᠤ ᠳᠤ ᠲᠦᠭᠦᠮ ᠭᠡᠯᠪᠡᠷᠢ ᠪᠠᠷ ᠂ ᠨᠠᠮ ᠤᠨ ᠰᠠᠶᠢᠨ ᠲᠦᠷᠦ ᠶᠢᠨ ᠪᠣᠳᠣᠯᠭ᠎ᠠ ᠰᠠᠶᠢᠨ ᠠᠷᠭ᠎ᠠ ᠬᠡᠮᠵᠢᠶ᠎ᠡ ᠶᠢ ᠲᠣᠳᠣᠷᠬᠠᠢ ᠶᠠᠷᠢᠵᠤ ᠂ ᠪᠣᠳᠠᠲᠠᠢ ᠶᠠᠷᠢᠵᠤ ᠂ ᠤᠯᠠᠨ ᠲᠦᠮᠡᠨ ᠤ ᠰᠡᠳᠬᠢᠯ ᠤᠨ ᠦᠭᠡ ᠶᠢ ᠶᠠᠷᠢᠬᠤ ᠬᠡᠷᠡᠭᠲᠡᠢ ᠂ ᠬᠤᠭᠤᠰᠤᠨ ᠤᠷᠢᠶ᠎ᠠ ᠬᠠᠰᠬᠢᠷᠴᠤ ᠪᠤᠯᠬᠤ ᠦᠭᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ ᠳᠠᠪᠠᠭᠤᠯᠢᠭ ᠢᠶᠠᠨ ᠪᠠᠳᠠᠷᠠᠭᠤᠯᠵᠤ ᠂ ᠵᠥᠷᠢᠶ᠎ᠡ ᠪᠠᠨ ᠡᠷᠢᠵᠦ ᠂ ᠬᠥᠭᠵᠢᠯᠲᠡ ᠶᠢ ᠠᠬᠢᠭᠤᠯᠬᠤ ︾ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠭ᠎ᠠ ᠨᠢ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ︽ ᠪᠢ ᠪᠤᠰᠤᠳ ᠢ ᠬᠦᠷᠬᠦ ᠦᠭᠡᠢ ︾ ᠭᠡᠬᠦ ᠦᠵᠡᠯᠲᠡ ᠶᠢ ᠲᠠᠶᠠᠭᠳᠠᠭᠤᠯᠬᠤ ᠶᠢᠨ ᠲᠥᠯᠥᠭᠡ ᠮᠥᠷᠲᠡᠭᠡᠨ ᠪᠠᠰᠠ ᠵᠠᠷᠢᠮ ᠭᠠᠵᠠᠷ ᠣᠷᠣᠨ ᠤ ᠥᠴᠥᠬᠡᠨ ᠲᠡᠳᠦᠢ ᠠᠮᠵᠢᠯᠲᠠ ᠪᠦᠲᠦᠮᠵᠢ ᠣᠯᠣᠮᠠᠭᠴᠠ ︽ ᠬᠥᠭᠰᠡᠵᠦ ︾ ᠡᠬᠢᠯᠡᠬᠦ ᠶᠢ ᠰᠡᠷᠭᠡᠶᠢᠯᠡᠬᠦ ᠶᠢᠨ ᠲᠥᠯᠥᠭᠡ ᠶᠤᠮ ᠃ ᠡᠯ᠎ᠡ ᠭᠠᠵᠠᠷ ᠤᠨ ᠬᠢᠨ ᠰᠠᠨᠠᠭᠠᠴᠢᠯᠠᠭ᠎ᠠ ᠠᠴᠠ ᠪᠠᠨ ᠡᠷᠭᠢᠨ ᠲᠣᠭᠤᠷᠢᠨ ᠤ ᠭᠠᠵᠠᠷ ᠣᠷᠣᠨ ᠲᠠᠢ ᠪᠠᠨ ᠠᠳᠠᠯᠢᠳᠬᠠᠵᠤ ᠂ ᠲᠣᠰ ᠪᠡᠶ᠎ᠡ ᠶᠢᠨ ᠳᠠᠪᠠᠭᠤᠯᠢᠭ ᠪᠣᠯᠣᠨ ᠳᠤᠲᠠᠭᠤᠳᠠᠯ ᠢᠶᠠᠨ ᠪᠦᠷ ᠡᠷᠢᠵᠦ ᠭᠠᠷᠭᠠᠨ ᠂ ᠳᠠᠪᠠᠭᠤᠯᠢᠭ ᠢᠶᠠᠨ ᠲᠣᠳᠣᠷᠬᠠᠢ ᠣᠶᠢᠯᠠᠭᠠᠬᠤ ᠳᠤᠮᠳᠠ ᠡᠷᠴᠢ ᠵᠣᠷᠢᠭ ᠢᠶᠠᠨ ᠡᠷᠴᠢᠯᠡᠵᠦ ᠂ ᠵᠥᠷᠢᠶ᠎ᠡ ᠪᠠᠨ ᠵᠥᠪ ᠢᠶᠠᠷ ᠲᠠᠨᠢᠬᠤ ᠳᠤᠮᠳᠠ ᠬᠥᠳᠡᠯᠭᠡᠬᠦ ᠬᠦᠴᠦᠨ ᠢᠶᠠᠨ ᠴᠢᠩᠭᠠᠳᠬᠠᠨ ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ ᠃

ᠴᠠᠷᠠᠰᠤᠨ ᠭᠠᠴᠠᠭ᠎ᠠ ᠪᠣᠯ ᠰᠦᠨ ᠱᠤᠤ ᠴᠧᠩ ᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠣᠨ᠎ᠠ ᠃ ᠲᠡᠷᠡ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠂ ᠭᠤᠣᠯ ᠰᠡᠳᠦᠪᠲᠦ ᠬᠥᠮᠦᠵᠢᠯ ᠂ ︽ ᠳᠥᠷᠪᠡ ᠶᠢ ᠵᠥᠪᠯᠡᠵᠦ ᠬᠤᠶᠠᠷ ᠢ ᠢᠯᠡ ᠪᠤᠯᠭᠠᠬᠤ ︾ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠳᠥᠭᠦᠮ ᠳᠥᠲᠡ ᠪᠥᠭᠡᠳ ᠲᠤᠰᠠᠲᠠᠢ ᠪᠠᠶᠢᠬᠤ ᠵᠠᠷᠴᠢᠮ ᠢᠶᠠᠷ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢ ᠰᠢᠯᠤᠭᠤᠳᠬᠠᠵᠤ ᠂ ︽ ᠫᠠᠶᠢᠰᠠ ᠢᠯᠡᠷᠬᠡᠶᠢᠯᠡᠯ ᠤᠯᠠᠨ ︾ ᠂ ︽ ᠬᠦᠰᠦᠨᠦᠭᠲᠦ ᠤᠯᠠᠨ ᠪᠠᠶᠢᠬᠤ ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨ ᠳᠤ ᠦᠢᠯᠡᠴᠢᠯᠡᠬᠦ ᠳᠤᠮᠳᠠ ᠤᠯᠠᠨ ᠲᠦᠮᠡᠨ ᠢ ᠬᠥᠮᠥᠵᠢᠭᠦᠯᠬᠦ ᠂ ᠤᠯᠠᠨ ᠲᠦᠮᠡᠨ ᠢ ᠳᠠᠶᠢᠴᠢᠯᠠᠬᠤ ᠶᠢ ᠰᠤᠷᠴᠤ ᠂ ᠤᠴᠢᠷ ᠶᠠᠪᠤᠳᠠᠯ ᠪᠠᠶᠢᠪᠠᠯ ᠵᠠᠪᠠᠯ ᠰᠢᠢᠳᠪᠦᠷᠢᠯᠡᠵᠦ ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠵᠤ ᠂ ᠤᠯᠠᠨ ᠲᠦᠮᠡᠨ ᠤ ᠥᠪᠡᠷ ᠢᠶᠠᠨ ᠬᠢᠬᠦ ᠶᠣᠰᠣᠲᠠᠢ ᠤᠴᠢᠷ ᠶᠠᠪᠤᠳᠠᠯ ᠢ ᠤᠯᠠᠨ ᠲᠦᠮᠡᠨ ᠢ ᠬᠥᠲᠥᠯᠥᠨ ᠵᠢᠯᠤᠭᠤᠳᠴᠤ ᠥᠪᠡᠷ ᠢᠶᠠᠷ ᠨᠢ ᠬᠢᠯᠭᠡᠬᠦ ᠬᠡᠷᠡᠭᠲᠡᠢ ᠂ ᠬᠠᠷᠢᠭᠤᠴᠠᠯᠭ᠎ᠠ ᠪᠠᠨ ᠠᠯᠳᠠᠬᠤ ᠦᠭᠡᠢ ᠪᠥᠭᠡᠳ ᠪᠠᠰᠠ ᠡᠷᠬᠡ ᠶᠢᠨ ᠬᠡᠪᠴᠢᠶ᠎ᠡ ᠠᠴᠠ ᠳᠠᠪᠠᠭ᠋ᠤ ᠦᠭᠡᠢ ᠪᠠᠶᠢᠬᠤ ᠬᠡᠷᠡᠭᠲᠡᠢ ᠭᠡᠵᠦ ᠬᠡᠯᠡᠪᠡ ᠃

ᠪᠠᠶᠢᠴᠠᠭᠠᠨ ᠰᠤᠳᠤᠯᠬᠤ ᠳᠤᠮᠳᠠ ᠂ ᠰᠦᠨ ᠱᠤᠤ ᠴᠧᠩ ᠪᠠᠰᠠ ᠬᠥᠳᠡᠭᠡ ᠲᠣᠰᠬᠤᠨ ᠤ ᠬᠠᠮ ᠳᠡᠯᠭᠡᠭᠦᠷ ᠂ ᠲᠠᠷᠢᠶᠠᠴᠢᠨ ᠡᠷᠦᠭᠡ ᠳᠤ ᠬᠦᠷᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠣᠶᠢᠯᠠᠭᠠᠪᠠ ᠃
ᠢᠦᠢ ᠯᠢ ᠰᠢᠨ ᠣᠷᠣᠯᠴᠠᠵᠠᠢ ᠃