ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ ᠂ 9 ᠰᠠᠷ᠎ᠠ ᠶᠢᠨ 19 ᠠᠴᠠ 20 ᠤ ᠡᠳᠦᠷ ᠪᠤᠯᠲᠠᠯ᠎ᠠ ᠂ ᠸᠠᠩ ᠯᠢ ᠰᠢᠶᠠ ᠣᠷᠳᠣᠰ ᠲᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠪᠡ ᠃

ᠸᠠᠩ ᠯᠢ ᠰᠢᠶᠠ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠯᠴᠠᠬᠰᠠᠨ ᠪᠥᠭᠡᠳ ᠵᠢᠭᠠᠨ ᠵᠢᠯᠣᠭᠤᠳᠪᠠ ᠃ ᠲᠡᠷᠡ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠂ ᠡᠷᠬᠡᠪᠰᠢ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ ᠂ ︽ᠲᠠᠪᠤ ᠶᠢ ᠨᠡᠩ ᠴᠢᠬᠤᠯᠠᠴᠢᠯᠠᠬᠤ ︾ ᠳᠡᠭᠡᠷ᠎ᠡ ᠬᠦᠴᠦ ᠪᠠᠨ ᠭᠦᠢᠴᠡᠳ ᠣᠷᠣᠭᠤᠯᠵᠤ ᠂ ︽ᠵᠢᠷᠭᠤᠭᠠᠨ ᠡᠷᠬᠡᠪᠰᠢ ︾ ᠶᠢᠨ ᠱᠠᠭᠠᠷᠳᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠃ ᠦᠵᠡᠯ ᠰᠠᠨᠠᠭ᠎ᠠ ᠶᠢ ᠰᠤᠷᠤᠯᠴᠠᠬᠤ ᠲᠠᠯ᠎ᠠ ᠪᠠᠷ ᠰᠢᠨ᠎ᠡ ᠣᠯᠣᠯᠲᠠ ᠲᠠᠢ ᠪᠠᠶᠢᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠡᠨᠡ ᠬᠦ ᠴᠢᠬᠤᠯᠠ ᠦᠵᠡᠯ ᠰᠠᠨᠠᠭ᠎ᠠ ᠶᠢᠨ ︽ᠥᠪᠥᠷ ᠮᠣᠩᠭᠤᠯ ᠤᠨ ᠬᠠᠭᠤᠳᠠᠰᠤ ︾ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ ᠂ ︽ᠬᠤᠶᠠᠷ ᠢ ᠲᠣᠭᠲᠠᠭᠠᠭᠰᠠᠨ ︾ ᠢ ᠬᠦᠷᠢᠶᠡᠯᠡᠬᠦ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠃ ︽ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠠᠯ᠎ᠠ ᠪᠠᠷ ᠰᠢᠨ᠎ᠡ ᠰᠦᠪᠡᠭᠴᠢᠯᠡᠯᠲᠡ ᠬᠢᠵᠦ ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠶᠡᠷᠦᠩᠬᠡᠢ ᠱᠦᠵᠢ ᠶᠢ ᠰᠠᠯᠤᠯ ᠦᠭᠡᠢ ᠳᠠᠭᠠᠵᠤ ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ︽ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠬᠠᠳᠤᠨ ᠭᠤᠣᠯ ᠤᠨ ︽ᠲᠣᠬᠤᠢ ᠬᠡᠰᠡᠭ ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ ᠂ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠰᠢᠢᠳᠪᠦᠷᠢᠯᠡᠵᠦ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠭᠠᠪᠢᠶ᠎ᠠ ᠪᠠᠶᠢᠭᠤᠯᠵᠤ ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠪᠠ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ ᠂ ᠠᠵᠤ ᠦᠢᠯᠡᠰ ᠤᠨ ᠳᠡᠭᠡᠳᠦ ᠲᠡᠰᠵᠢᠯᠳᠡ ᠂ ᠣᠶᠤᠨᠴᠢᠯᠠᠯᠲᠠ ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ ᠂ ︽ᠳᠤᠯᠠᠭᠠᠨ ᠬᠤᠳᠠ ︾ ᠶᠢᠨ ᠨᠡᠷ᠎ᠡ ᠶᠢᠨ ᠬᠠᠭᠤᠳᠠᠰᠤ ᠶᠢ ᠤᠯᠠᠮ ᠭᠢᠯᠠᠯᠵᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠸᠠᠩ ᠯᠢ ᠰᠢᠶᠠ ᠪᠠᠰᠠ ᠳ᠋ᠦᠩᠱᠧᠩ ᠲᠣᠭᠤᠷᠢᠭ ᠤᠨ ᠠᠨᠳᠠ ᠨᠡᠶᠢᠭᠡᠮ ᠲᠣᠭᠤᠷᠢᠭ ᠪᠠ ᠬᠠᠩᠭᠢᠨ ᠬᠤᠰᠢᠭᠤᠨ ᠳᠤ ᠭᠦᠨᠵᠡᠭᠡᠶᠢᠷᠡᠵᠦ ᠂ ᠺᠠᠳ᠋ᠷ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ ᠂ ᠦᠨᠳᠦᠰᠦᠨ ᠱᠠᠲᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ︽ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ ᠰᠠᠶᠢᠲᠤᠷ ᠡᠵᠡᠮᠳᠡᠵᠦ ᠂ ᠭᠤᠣᠯ ᠰᠡᠳᠦᠪᠲᠦ ᠬᠥᠮᠦᠵᠢᠯ ᠢ ᠦᠨᠡᠨ ᠬᠦ ᠴᠢᠨᠠᠷ ᠰᠠᠶᠢᠲᠠᠢ ᠂ ᠰᠠᠶᠢᠨ ᠦᠷ᠎ᠡ ᠪᠦᠲᠦᠮᠵᠢ ᠲᠠᠢ ᠪᠣᠯᠭᠠᠨ ᠠᠳᠬᠤᠬᠤ ᠬᠡᠷᠡᠭᠲᠡᠢ ᠭᠡᠵᠦ ᠵᠠᠬᠢᠪᠠ ᠃


ᠸᠠᠩ ᠯᠢ ᠰᠢᠶᠠ ᠢ ᠳ᠋ᠢᠩ ᠠᠮᠢ ᠠᠬᠤᠢ ᠶᠢᠨ ᠬᠥᠳᠡᠭᠡ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠳᠤ ᠬᠦᠷᠴᠦ ᠂ 9 ᠰᠠᠷ᠎ᠠ ᠶᠢᠨ 7 ᠤ ᠡᠳᠦᠷ ᠤᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠢ ᠰᠢᠢᠳᠪᠦᠷᠢᠯᠡᠭᠰᠡᠨ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ ᠃ ᠲᠡᠷᠡ ᠂ ᠵᠢᠷᠤᠮᠵᠢᠭᠤᠯᠬᠤ ᠲᠠᠯ᠎ᠠ ᠪᠠᠷ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠬᠤ ᠪᠣᠯ ᠳᠠᠷᠤᠢ ᠠᠮᠢ ᠨᠠᠰᠤ ᠶᠢ ᠪᠢᠰᠢᠷᠡᠨ ᠵᠢᠷᠦᠬᠡᠰᠢᠶᠡᠵᠦ ᠪᠠᠶᠢᠭ᠎ᠠ ᠶᠠᠪᠤᠳᠠᠯ ᠮᠥᠨ ᠂ ᠭᠤᠷᠢᠳᠠᠬᠤ ᠪᠤᠳᠣᠯ ᠢ ᠡᠷᠡᠰ ᠲᠡᠪᠴᠢᠵᠦ ᠂ ᠠᠵᠢᠯ ᠤᠨ ᠪᠠᠶᠢᠷᠢ ᠨᠢᠭᠡ ᠪᠦᠷᠢ ᠂ ᠠᠵᠢᠯᠲᠠᠨ ᠠᠵᠢᠯᠴᠢᠨ ᠨᠢᠭᠡ ᠪᠦᠷᠢ ᠴᠥᠮ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠦᠷᠡᠭᠳᠡᠯ ᠠᠳᠡᠯ ᠠᠴᠠ ᠰᠤᠷᠭᠠᠮᠵᠢ ᠠᠪᠴᠤ ᠂ ᠡᠷᠬᠡᠪᠰᠢ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠂ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠂ ᠬᠠᠷᠠᠰᠠᠯᠲᠤ ᠬᠡᠷᠡᠭ ᠳᠠᠭᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠃ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠦᠨᠳᠦᠰᠦᠨ ᠱᠠᠲᠤ ᠶᠢ ᠴᠢᠩᠭ᠎ᠠ ᠠᠩᠬᠠᠷᠴᠤ ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠶᠠᠪᠤᠭᠤᠯᠵᠤ ᠂ ᠦᠢᠯᠡᠳᠪᠦᠷᠢᠯᠡᠯ ᠳᠤᠮᠳᠠᠬᠢ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠤᠭᠠᠬᠤ ᠬᠡᠷᠡᠭᠲᠡᠢ ᠭᠡᠵᠡᠢ ᠃