ᠣᠶᠢᠷ᠎ᠠ ᠳᠤ᠂ ᠨᠡᠷᠡᠲᠦ ᠡᠷᠳᠡᠮᠲᠡᠨ᠂ ᠭᠧᠷᠮᠠᠨ ᠤ ᠪᠣᠨ ᠶᠡᠭᠡ ᠰᠤᠷᠭᠠᠭᠤᠯᠢ ᠪᠠ ᠺᠤᠯᠧᠨ ᠶᠡᠭᠡ ᠰᠤᠷᠭᠠᠭᠤᠯᠢ ᠶᠢᠨ ᠳ᠋ᠣᠺᠲ᠋ᠣᠷ ᠯ᠊ · ᠬᠤᠷᠴᠠᠪᠠᠭᠠᠲᠤᠷ ᠣᠲᠤᠭ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠣᠲᠤᠭ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠬᠠᠮᠢᠶ᠎ᠠ ᠪᠦᠬᠦᠢ ᠠᠵᠢᠯᠲᠠᠳ ᠲᠠᠢ ᠬᠠᠮᠲᠤ ᠣᠲᠤᠭ ᠬᠤᠰᠢᠭᠤᠨ ᠤ ᠦᠵᠦᠭᠦᠷ ᠪᠠᠯᠭᠠᠰᠤᠨ ᠤ ᠤᠷᠠᠨᠳᠦ᠋ᠰᠢ ᠭᠠᠴᠠᠭᠠᠨ ᠤ ᠠᠷᠪᠠᠰ ᠠᠭᠤᠯᠠᠨ ᠠᠴᠠ 1300 ᠭᠠᠷᠤᠢ ᠵᠢᠯ ᠤᠨ ᠡᠮᠦᠨᠡᠬᠢ ᠡᠷᠲᠡᠨ ᠤ ᠲᠦᠷᠺ ᠷᠦᠨᠢ ᠥᠰᠥᠭ ᠤᠨ ᠬᠠᠲᠠᠨ ᠪᠢᠴᠢᠭᠡᠰᠦ ᠶᠢ ᠢᠯᠡᠷᠡᠭᠦᠯᠵᠡᠢ᠃
ᠯ᠊ · ᠬᠤᠷᠴᠠᠪᠠᠭᠠᠲᠤᠷ ᠤᠨ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠢᠯᠡᠷᠡᠭᠦᠯᠦᠭᠰᠡᠨ ᠡᠷᠲᠡᠨ ᠤ ᠲᠦᠷᠺ ᠷᠦᠨᠢ ᠥᠰᠥᠭ ᠤᠨ ᠬᠠᠲᠠᠨ ᠪᠢᠴᠢᠭᠡᠰᠦ ᠭᠤᠷᠪᠠᠨ ᠮᠥᠷ ᠵᠢᠷᠭᠤᠭᠠᠨ ᠥᠰᠥᠭ ᠲᠠᠢ᠂ ᠠᠪᠢᠶ᠎ᠠ ᠳᠠᠭᠤᠳᠠᠯᠭ᠎ᠠ ᠂ ᠦᠭᠡ ᠶᠢᠨ ᠪᠦᠲᠦᠴᠡ ᠂ ᠲᠠᠶᠢᠯᠪᠤᠷᠢ ᠵᠢᠴᠢ ᠦᠭᠡᠰ ᠤᠨ ᠤᠳᠬ᠎ᠠ ᠶᠢᠨ ᠨᠠᠷᠢᠯᠢᠭ ᠰᠣᠳᠣᠯᠣᠯ ᠪᠠ ᠣᠷᠴᠢᠭᠤᠯᠭ᠎ᠠ ᠪᠠᠷ ᠳᠡᠮᠵᠢᠨ᠂ ᠲᠡᠭᠦᠨ ᠤ ᠦᠨᠳᠦᠰᠦᠨ ᠤᠳᠬ᠎ᠠ ᠠᠭᠤᠯᠭ᠎ᠠ ᠨᠢ ︽ᠢᠷᠪᠢᠰ ᠤᠨ ᠬᠠᠭᠠᠯᠭ᠎ᠠ ᠶᠢᠨ ᠡᠷᠭᠢ ᠪᠠᠭᠤᠴᠠ ᠵᠠᠯᠠᠭ᠎ᠠ ︾ ᠪᠣᠯᠬᠤ ᠶᠢ ᠮᠡᠳᠡᠵᠡᠢ ᠃ ᠲᠣᠰ ᠤᠳᠠᠭᠠᠨ ᠤ ᠢᠯᠡᠷᠡᠭᠦᠯᠦᠯᠲᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠠᠩᠬ᠎ᠠ ᠤᠳᠠᠭ᠎ᠠ ᠢᠯᠡᠷᠡᠭᠦᠯᠦᠭᠰᠡᠨ ᠡᠷᠲᠡᠨ ᠤ ᠲᠦᠷᠺ ᠷᠦᠨᠢ ᠥᠰᠥᠭ ᠤᠨ ᠬᠠᠲᠠᠨ ᠪᠢᠴᠢᠭᠡᠰᠦ ᠪᠠᠶᠢᠵᠤ ᠂ ᠡᠷᠲᠡᠨ ᠤ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠂ ᠲᠡᠷᠡᠴᠢᠯᠡᠨ ᠳᠡᠯᠡᠬᠡᠢ ᠶᠢᠨ ᠡᠯ᠎ᠡ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠬᠦᠭᠵᠢᠯ ᠪᠠ ᠤᠯᠠᠷᠢᠯ ᠬᠤᠪᠢᠰᠤᠯᠲᠠ ᠶᠢᠨ ᠲᠡᠦᠬᠡᠨ ᠳᠤ ᠴᠢᠬᠤᠯᠠ ᠰᠤᠳᠤᠯᠭᠠᠨ ᠤ ᠦᠨ᠎ᠡ ᠥᠷᠲᠡᠭ ᠲᠠᠢ ᠶᠤᠮ᠃ 1983 ᠣᠨ ᠠᠴᠠ ᠨᠠᠭᠠᠰᠢ ᠡᠷᠳᠡᠮᠲᠡᠨ ᠯ᠊ · ᠬᠤᠷᠴᠠᠪᠠᠭᠠᠲᠤᠷ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠲᠡᠦᠬᠡ ᠶᠢ ᠬᠢᠴᠢᠶᠡᠨ ᠰᠣᠳᠣᠯᠣᠭᠰᠠᠭᠠᠷ ᠢᠷᠡᠵᠡᠶ᠃ ᠲᠡᠷᠡ ᠪᠠᠷ
︽ ᠬᠠᠳᠠᠬᠢᠨ ᠠᠷᠪᠠᠨ ᠭᠤᠷᠪᠠᠨ ᠠᠲᠠᠭ᠎ᠠ ᠲᠡᠭᠷᠢ ᠶᠢᠨ ᠲᠠᠬᠢᠯᠭ᠎ᠠ ︾ ︽ ᠮᠣᠩᠭᠤᠯ ᠤᠨ ᠪᠥᠬᠡ ᠮᠥᠷᠭᠦᠯ ᠤᠨ ᠳᠠᠶᠢᠯᠭ᠎ᠠ ᠳᠠᠬᠢᠯᠭ᠎ᠠ ᠶᠢᠨ ᠰᠣᠶᠣᠯ︾ ᠵᠡᠷᠭᠡ 20 ᠭᠠᠷᠤᠢ ᠡᠷᠳᠡᠮ ᠰᠢᠨᠵᠢᠯᠡᠭᠡᠨ ᠤ ᠨᠣᠮ ᠪᠦᠲᠦᠭᠡᠯ ᠪᠠ 50 ᠭᠠᠷᠤᠢ ᠡᠷᠳᠡᠮ ᠰᠢᠨᠵᠢᠯᠡᠭᠡᠨ ᠤ ᠥᠭᠦᠯᠡᠯ ᠲᠤᠭᠤᠷᠪᠢᠭᠰᠠᠨ ᠮᠥᠷᠲᠡᠭᠡᠨ ᠮᠣᠩᠭᠤᠯ ᠂ ᠬᠢᠲᠠᠳ ᠂ ᠭᠧᠷᠮᠠᠨ᠂ ᠶᠠᠫᠤᠨ ᠪᠠ ᠺᠢᠷᠢᠯ ᠪᠢᠴᠢᠭ ᠢᠶᠠᠷ ᠬᠡᠪᠯᠡᠭᠦᠯᠦᠭᠰᠡᠨ ᠪᠠᠶᠢᠨ᠎ᠠ᠃
ᠲᠤᠰ ᠤᠳᠠᠭᠠᠨ ᠤ ᠡᠷᠲᠡᠨ ᠤ ᠲᠦᠷᠺ ᠷᠦᠨᠢ ᠥᠰᠥᠭ ᠤᠨ ᠬᠠᠲᠠᠨ ᠪᠢᠴᠢᠭᠡᠰᠦ ᠣᠯᠳᠠᠭᠰᠠᠨ ᠠᠷᠪᠠᠰ ᠠᠭᠤᠯᠠ ᠨᠢ ᠣᠲᠤᠭ ᠬᠤᠰᠢᠭᠤᠨ ᠤ ᠦᠵᠦᠭᠦᠷ ᠪᠠᠯᠭᠠᠰᠤᠨ ᠤ ᠬᠤᠶᠢᠲᠤ ᠬᠡᠰᠡᠭ ᠲᠤ ᠪᠠᠶᠢᠷᠢᠯᠠᠵᠤ᠂ ᠠᠰᠬ᠎ᠠ ᠬᠠᠳᠠ ᠰᠡᠬᠦᠶᠢᠨ ᠰᠦᠨᠳᠡᠷᠯᠡᠵᠦ᠂ ᠲᠡᠯᠡᠶ ᠶᠢᠨ ᠲᠦᠪᠰᠢᠨ ᠠᠴᠠ 1700 ᠭᠠᠷᠤᠢ ᠮᠧᠲᠷ ᠡᠷᠭᠦᠭᠳᠡᠭᠰᠡᠨ ᠪᠠᠶᠢᠨ᠎ᠠ᠃ ᠠᠯᠢ ᠬᠡᠳᠦᠶᠢᠨ 2010 ᠣᠨ ᠳᠤ ᠂ ᠠᠷᠪᠠᠰ ᠠᠭᠤᠯᠠᠨ ᠠᠴᠠ ᠤᠶᠢᠭᠤᠷᠵᠢᠨ ᠮᠣᠩᠭᠤᠯ ᠦᠰᠦᠭ ᠤᠨ ᠬᠠᠲᠠᠨ ᠪᠢᠴᠢᠭᠡᠰᠦ ᠶᠢ ᠠᠩᠬ᠎ᠠ ᠢᠯᠡᠷᠡᠭᠦᠯᠵᠡᠢ᠃ ᠲᠤᠬᠠᠢ ᠶᠢᠨ ᠦᠶ᠎ᠡ ᠳᠤ᠂ ᠲᠡᠷᠡ ᠬᠦ ᠢᠯᠡᠷᠡᠭᠦᠯᠦᠯᠲᠡ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠶᠡᠭᠡ ᠳᠡᠭᠡᠳᠦ ᠰᠤᠷᠭᠠᠭᠤᠯᠢ ᠨᠤᠭᠤᠳ ᠤᠨ ᠡᠷᠳᠡᠮᠲᠡᠨ ᠮᠡᠷᠭᠡᠵᠢᠯᠲᠡᠳ ᠵᠢᠴᠢ ᠰᠣᠨᠢᠨ ᠮᠡᠳᠡᠭᠡ ᠵᠠᠭᠤᠴᠢᠯᠠᠭᠤᠷ ᠤᠨ ᠬᠢᠨ ᠤ ᠠᠩᠬᠠᠷᠤᠯ ᠢ ᠶᠡᠭᠡ ᠪᠠᠷ ᠲᠠᠲᠠᠭᠰᠠᠨ ᠪᠠᠶᠢᠨ᠎ᠠ᠃ ᠡᠳᠦᠭᠡ ᠲᠡᠳᠡᠭᠡᠷ ᠡᠷᠲᠡᠨ ᠤ ᠰᠣᠶᠣᠯ ᠤᠨ ᠤᠯᠠ ᠮᠥᠷ ᠤᠳ ᠢ ᠵᠠᠯᠭᠠᠭ᠎ᠠ ᠪᠠᠷ ᠢᠯᠡᠷᠡᠭᠦᠯᠦᠭᠰᠡᠨ ᠨᠢ ᠡᠷᠲᠡᠨ ᠤ ᠤᠮᠠᠷᠠᠲᠤ ᠶᠢᠨ ᠦᠨᠳᠦᠰᠦᠲᠡᠨ ᠤ ᠦᠭᠡ ᠬᠡᠯᠡ ᠶᠢ ᠨᠡᠩ ᠭᠦᠨᠵᠡᠭᠡᠢ ᠣᠶᠢᠯᠠᠭᠠᠬᠤ ᠳᠤ ᠳᠦᠭᠦᠮ ᠪᠣᠯᠭᠠᠭᠰᠠᠨ ᠢᠶᠠᠷ ᠦᠯᠦ ᠪᠠᠷᠠᠮ ᠪᠠᠰᠠ ᠰᠣᠶᠣᠯ ᠤᠨ ᠤᠯᠠᠷᠢᠯ ᠬᠤᠪᠢᠰᠤᠯ ᠤᠨ ᠲᠡᠦᠬᠡ ᠶᠢ ᠬᠠᠷᠠᠭᠤᠯᠵᠤ᠂ ᠪᠢᠳᠡᠨ ᠳᠤ ᠰᠣᠶᠣᠯ ᠲᠡᠦᠬᠡᠨ ᠡᠷᠬᠢᠮ ᠨᠠᠨᠳᠢᠨ ᠡᠬᠢ ᠪᠠᠶᠠᠯᠢᠭ ᠢ ᠬᠠᠩᠭᠠᠭᠰᠠᠨ ᠠᠵᠢ᠃