9 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠬᠥᠬᠡᠬᠤᠲᠠ ᠳᠤ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠵᠠᠩ ᠵᠢᠶᠠᠨ ᠮᠢᠨ ᠲᠠᠢ ᠠᠭᠤᠯᠵᠠᠪᠠ ᠃


9 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠬᠥᠬᠡᠬᠤᠲᠠ ᠳᠤ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠵᠠᠩ ᠵᠢᠶᠠᠨ ᠮᠢᠨ ᠲᠠᠢ ᠠᠭᠤᠯᠵᠠᠪᠠ ᠃
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠵᠠᠩ ᠵᠢᠶᠠᠨ ᠮᠢᠨ ᠨᠠᠷ ᠢ ᠪᠠᠶᠠᠷᠯᠠᠨ ᠤᠭᠲᠤᠵᠤ ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠣᠳᠣᠬᠠᠨ ᠳᠤ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠢᠨ᠎ᠡ ᠵᠠᠮ ᠨᠠᠭᠡᠭᠡᠵᠦ᠂ ᠳᠤᠮᠳᠠ ᠲᠦᠪᠰᠢᠨ ᠳᠤ ᠣᠷᠣᠬᠤ ᠪᠠᠷ ᠬᠦᠴᠦᠯᠡᠨ ᠴᠢᠷᠮᠠᠶᠢᠵᠤ ᠪᠠᠶᠢᠨ᠎ᠠ ᠃ᠥᠪᠥᠷ ᠮᠣᠩᠭᠤᠯ ᠤᠨ ᠡᠬᠢ ᠪᠠᠶᠠᠯᠢᠭ ᠡᠯᠪᠡᠭ ᠳᠡᠯᠪᠡᠭ ᠪᠥᠭᠡᠳ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠠᠨ ᠲᠠᠯ᠎ᠠ ᠪᠠᠷ ᠭᠥᠷᠳᠡᠵᠦ ᠂ ᠬᠥᠭᠵᠢᠯᠲᠡ ᠶᠢᠨ ᠢᠷᠡᠭᠡᠳᠦᠢ ᠰᠠᠷᠠᠭᠤᠯ ᠠᠭᠤᠳᠠᠮ ᠪᠠᠶᠢᠨ᠎ᠠ ᠃ ᠪᠢᠳᠡ ᠳᠤᠷᠠᠲᠠᠶ᠎ᠠ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠦᠨ᠎ᠡ ᠂ ᠮᠥᠨ ᠴᠦ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠠᠴᠠ ᠥᠪᠥᠷ ᠮᠣᠩᠭᠤᠯ ᠤᠨ ᠬᠥᠭᠵᠢᠯᠲᠡ ᠳᠤ ᠨᠡᠩ ᠤᠯᠠᠨ ᠠᠩᠬᠠᠷᠤᠯ ᠪᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ ᠃
ᠵᠠᠩ ᠵᠢᠶᠠᠨ ᠮᠢᠨ ᠪᠦᠬᠦ ᠤᠯᠤᠰ ᠤᠨ ᠨᠠᠪᠴᠢᠨ ᠲᠠᠮᠠᠬᠢ ᠶᠢᠨ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠵᠤ ᠂ ᠣᠶᠢᠷ᠎ᠠ ᠶᠢᠨ ᠵᠢᠯ ᠠᠴᠠ ᠨᠠᠭᠠᠰᠢᠬᠢ ᠥᠪᠥᠷ ᠮᠣᠩᠭᠤᠯ ᠤᠨ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠳᠤ ᠪᠠᠶᠠᠷ ᠬᠦᠷᠭᠡᠪᠡ ᠃ ᠲᠡᠷᠡ ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠂ ᠪᠢᠳᠡ ᠥᠪᠥᠷ ᠮᠣᠩᠭᠤᠯ ᠤᠨ ᠬᠥᠭᠵᠢᠯᠲᠡ ᠬᠤᠪᠢᠷᠠᠯᠲᠠ ᠶᠢ ᠦᠨᠡᠨ ᠬᠦ ᠣᠯᠵᠤ ᠬᠠᠷᠠᠵᠤ ᠂ ᠡᠳᠦᠷ ᠠᠴᠠ ᠡᠳᠦᠷ ᠥᠭᠡᠳᠡᠯᠡᠨ ᠬᠥᠭᠵᠢᠵᠦ ᠪᠠᠶᠢᠭ᠎ᠠ ᠬᠥᠭᠵᠢᠯᠲᠡ ᠶᠢᠨ ᠬᠠᠨᠳᠤᠰᠢ ᠶᠢ ᠮᠡᠳᠡᠷᠡᠵᠡᠢ ᠃ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠬᠥᠭᠵᠢᠯᠲᠡ ᠶᠢ ᠲᠡᠮᠵᠢᠵᠥ ᠂ ᠬᠠᠮᠲᠤ ᠪᠠᠷ ᠴᠢᠷᠮᠠᠶᠢᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ ᠭᠡᠵᠦ ᠬᠡᠯᠡᠪᠡ ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠂ ᠪᠠᠢ ᠴᠢᠩ ᠶᠤᠸᠠᠨ ᠠᠭᠤᠯᠵᠠᠯᠲᠠ ᠳᠤ ᠣᠷᠣᠯᠴᠠᠵᠠᠢ ᠃