2023 ᠣᠨ ᠤ ᠪᠦᠭᠦ ᠣᠷᠣᠨ ᠤ ᠠᠵᠢᠯ ᠣᠯᠭᠤᠬᠤ ᠪᠠ ᠦᠢᠯᠡᠰ ᠪᠣᠰᠬᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ  ᠴᠢ᠊ ᠪᠠᠲᠤ ᠤᠷᠤᠯᠴᠠᠬᠰᠠᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/9/27

      9 ᠰᠠᠷ᠎ᠠ ᠶᠢᠨ 23 ᠤ ᠡᠳᠦᠷ ᠂ 2023 ᠣᠨ ᠤ ᠪᠦᠭᠦ ᠣᠷᠣᠨ ᠤ ᠠᠵᠢᠯ ᠣᠯᠭᠤᠬᠤ ᠪᠠ ᠦᠢᠯᠡᠰ ᠪᠣᠰᠬᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃

      ᠴᠢ᠊ ᠪᠠᠲᠤ ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯᠲᠠᠨ ᠡᠯᠰᠡᠬᠦ ᠬᠤᠷᠠᠯ ᠤᠨ ᠦᠢᠯᠡᠴᠢᠯᠡᠵᠦ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ ᠂ ᠠᠵᠢᠯᠲᠠᠨ ᠬᠡᠷᠡᠭᠯᠡᠬᠦ ᠨᠢᠭᠡᠴᠢ ᠪᠣᠯᠣᠨ ᠠᠵᠢᠯ ᠡᠷᠢᠭᠰᠡᠳ ᠲᠤ ᠰᠠᠶᠢᠨ ᠬᠥᠲᠥᠴᠢ ᠪᠣᠯᠵᠤ ᠂ ᠬᠥᠭᠦᠷᠭᠡ ᠲᠠᠯᠪᠢᠵᠤ ᠂ ᠬᠠᠮᠤᠭ ᠤᠨ ᠪᠦᠲᠦᠮᠵᠢᠲᠡᠶ ᠂ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠬᠤ ᠭᠡᠷᠡᠭᠲᠡᠶ ︔ ᠡᠯ᠎ᠡ ᠠᠵᠢᠯᠲᠠᠨ ᠬᠡᠷᠡᠭᠯᠡᠬᠦ ᠨᠢᠭᠡᠴᠢ ᠨᠥᠬᠦᠳ ᠠᠵᠢᠯ ᠣᠯᠭᠤᠬᠤ ᠠᠵᠢᠯ ᠤᠨ ᠪᠠᠶᠢᠷᠢ ᠪᠠᠨ ᠠᠭᠤᠳᠠᠯᠵᠤ ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ ᠂ ᠠᠵᠢᠯ ᠭᠦᠳᠡᠯᠮᠦᠷᠢ ᠬᠢᠬᠦ ᠰᠠᠶᠢᠨ ᠰᠠᠶᠢᠬᠠᠨ ᠣᠷᠴᠢᠨ ᠲᠣᠭᠤᠷᠢᠨ ᠂ ᠲᠣᠬᠢᠷᠠᠮᠵᠢᠲᠠᠢ ᠠᠵᠢᠯ ᠤᠨ ᠬᠥᠯᠥᠰᠦ ᠣᠯᠭᠤᠮᠵᠢ ᠪᠠᠷ ᠬᠥᠳᠡᠯᠮᠦᠷᠢᠴᠢᠳ ᠢ ᠭᠦᠢᠴᠡᠳ ᠰᠢᠩᠭᠡᠬᠡᠨ ᠠᠪᠴᠤ ᠠᠵᠢᠯ ᠣᠯᠭᠤᠬᠤ ᠬᠡᠷᠡᠭᠲᠡᠢ ᠃ ᠳᠠᠷᠤᠭᠠᠰᠤ ᠶᠢ ᠬᠥᠩᠭᠡᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠤᠯᠠᠨ ᠲᠦᠮᠡᠨ ᠤ ᠠᠵᠢᠯ ᠣᠯᠭᠤᠯᠲᠠ ᠶᠢ ᠲᠣᠪᠣᠶᠢᠮ᠎ᠠ ᠰᠠᠶᠢᠲᠤᠷ ᠠᠳᠬᠤᠵᠤ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠂ ᠤᠯᠤᠰ ᠤᠨ ᠳᠣᠲᠣᠭᠠᠳᠤ ᠶᠢᠨ ᠮᠤᠵᠢ ᠣᠷᠣᠨ ᠬᠤᠳᠠ ᠯᠤᠭ᠎ᠠ ᠶᠢᠨ ᠠᠵᠢᠯ ᠣᠯᠭᠤᠯᠲᠠ ᠶᠢᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ ᠂ ᠣᠨ ᠤ ᠠᠵᠢᠯ ᠣᠯᠭᠤᠯᠲᠠ ᠶᠢᠨ ᠬᠠᠷᠠᠯᠲᠠᠲᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ