ᠪᠦᠬᠦ ᠣᠷᠣᠨ ᠤ ᠵᠢᠭᠤᠯᠴᠢᠯᠠᠯ ᠤᠨ ᠭᠥᠭᠵᠢᠭᠦᠯᠦᠯᠲᠡ ᠶᠢᠨ ᠶᠡᠭᠡ ᠬᠤᠷᠠᠯ ᠤᠯᠠᠭᠠᠨᠬᠠᠳᠠ ᠬᠤᠲᠠ ᠳᠤ ᠬᠤᠷᠠᠯᠳᠤᠪᠠ    ᠶᠠᠩ ᠶᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/9/27

 

      9 ᠰᠠᠷ᠎ᠠ ᠶᠢᠨ 25 ᠤ ᠡᠳᠦᠷ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠯᠠᠭᠠᠨᠬᠠᠳᠠ ᠬᠤᠲᠠ ᠳᠤ ᠬᠤᠷᠠᠯᠳᠤᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃

      ᠬᠤᠷᠠᠯ ᠳᠡᠭᠡᠷ᠎ᠡ᠂ 2023 ᠣᠨ ᠤ ᠥᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠥᠷᠦᠯ ᠲᠡᠮᠳᠡᠭ ᠢ ᠡᠭᠦᠳᠦᠭᠰᠡᠨ ᠰᠢᠯᠢᠳᠡᠭ ᠨᠢᠭᠡᠴᠢ ᠪᠣᠯᠣᠨ ᠬᠤᠪᠢ ᠬᠦᠮᠦᠨ ᠢ ᠬᠦᠬᠢᠭᠦᠯᠦᠨ ᠰᠠᠶᠢᠰᠢᠶᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ 5 ᠰᠣᠶᠣᠯ ᠤᠨ ᠲᠤᠰᠬᠤᠨ ᠤ ᠳᠠᠷᠤᠭ᠎ᠠ ᠳᠤ ᠦᠨᠡᠮᠯᠡᠯ ᠣᠯᠭᠤᠵᠠᠢ᠃

      ᠶᠠᠩ ᠶᠢᠨ᠂ ᠥᠪᠥᠷ ᠮᠣᠩᠭᠤᠯ ᠳᠤ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠨ᠎ᠠ᠂ ᠣᠷᠣᠨ ᠤ ᠪᠣᠳᠠᠳᠤ ᠪᠠᠶᠢᠳᠠᠯ ᠳᠠᠭᠠᠨ ᠰᠠᠭᠤᠷᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠬᠠᠩᠭᠠᠯᠭ᠎ᠠ ᠶᠢ ᠦᠷᠭᠡᠳᠬᠡᠵᠦ᠂ ᠭᠤᠣᠯ ᠴᠣᠭᠴᠠ ᠶᠢ ᠪᠣᠶᠢᠵᠢᠭᠤᠯᠤᠨ᠂ ᠠᠭᠤᠰᠤᠯᠴᠠᠭᠤᠯᠤᠨ ᠭᠥᠭᠵᠢᠭᠦᠯᠵᠦ᠂ ᠠᠭᠤᠯᠭ᠎ᠠ ᠶᠢᠨ ᠰᠢᠨ᠎ᠡ ᠶᠢ ᠡᠭᠦᠳᠬᠦ᠂ ᠤᠬᠠᠭᠤᠯᠤᠨ ᠲᠠᠨᠢᠯᠴᠠᠭᠤᠯᠬᠤ ᠪᠠ ᠣᠷᠴᠢᠨ ᠨᠥᠭᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠭᠡ ᠬᠦᠭᠵᠢᠯᠲᠡ᠂ ᠶᠡᠭᠡ ᠳᠠᠪᠠᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃


 

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ