ᠠᠩᠬᠠᠳᠠᠭᠴᠢ ︽ᠥᠪᠥᠷ ᠮᠣᠩᠭᠤᠯ ᠱᠠᠨᠰᠢ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠪᠣᠭᠤᠮᠲᠠ ᠪᠠᠷ ᠬᠢᠯᠢ ᠠᠴᠠ ᠤᠷᠤᠭᠰᠢᠲᠠᠢ ᠭᠠᠷᠪᠠ
ᠨᠡᠶᠢᠲᠡᠯᠡᠭᠰᠡᠨ ᠴᠠᠭ᠄
2023/9/5

      ᠠᠩᠬᠠᠳᠠᠭᠴᠢ ︽ᠥᠪᠥᠷ ᠮᠣᠩᠭᠤᠯ ᠱᠠᠨᠰᠢ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠪᠣᠭᠤᠮᠲᠠ ᠶᠢᠨ ︽ᠳᠤᠮᠳᠠ ᠵᠠᠮ︾ ᠢᠶᠠᠷ ᠬᠢᠯᠢ ᠠᠴᠠ ᠤᠷᠤᠭᠰᠢᠲᠠᠢ ᠭᠠᠷᠪᠠ᠃

      ᠣᠶᠢᠯᠠᠭᠠᠭᠰᠠᠨ ᠢᠶᠠᠷ᠂ ᠲᠣᠰ ᠭᠠᠳᠠᠭᠠᠳᠤ ᠳᠤ ᠭᠠᠷᠭᠠᠬᠤ ᠵᠢᠰᠢᠶᠠᠨ ᠤ ᠭᠠᠯᠲᠤ ᠲᠡᠷᠭᠡᠨ ᠤ ᠪᠠᠷᠠᠭᠠᠨ ᠤ ᠨᠡᠷ᠎ᠡ ᠨᠢ ︽ᠣᠯᠠᠨ ᠬᠡᠷᠡᠭᠴᠡᠭᠡᠲᠦ ᠰᠠᠭᠤᠳᠠᠯ ᠤᠨ ᠮᠠᠰᠢᠨ ᠤ ᠢᠵᠢ ᠪᠦᠷᠢᠨ ᠰᠡᠯᠪᠢᠭ︾ ᠪᠠᠶᠢᠵᠤ᠂ ᠪᠠᠷᠠᠭᠠᠨ ᠤ ᠬᠦᠨᠳᠦ ᠨᠢ 552.36 ᠲᠣᠨ᠂ ᠪᠠᠷᠠᠭᠠᠨ ᠤ ᠥᠷᠲᠡᠭ ᠨᠢ 2285.2 ᠲᠦᠮᠡᠨ ᠲᠥᠭᠦᠷᠢᠭ ᠪᠣᠯᠣᠨ᠎ᠠ᠃

      ᠡᠷᠢᠶᠡᠨ ᠪᠣᠭᠤᠮᠲᠠ ︽ᠣᠶᠤᠨᠲᠤ ᠪᠣᠭᠤᠮᠲᠠ︾ ᠶᠢᠨ ᠲᠡᠭᠡᠭᠡᠪᠦᠷᠢ ᠶᠢᠨ ᠥᠷᠥᠭᠡ ᠶᠢᠨ ᠰᠢᠰᠲ᠋ᠧᠮ ᠢ ᠠᠰᠢᠭᠯᠠᠨ ᠭᠠᠳᠠᠭᠠᠳᠤ ᠳᠤ ᠭᠠᠷᠭᠠᠵᠤ ᠲᠡᠭᠡᠭᠡᠪᠦᠷᠢᠯᠡᠨ ᠬᠦᠷᠭᠡᠬᠦ ᠮᠡᠳᠡᠭᠦᠯᠦᠯᠲᠡ ᠶᠢ ᠴᠠᠭᠠᠰᠤ ᠬᠡᠷᠡᠭᠯᠡᠬᠦ ᠦᠭᠡᠢ ᠪᠠᠷ ᠮᠡᠳᠡᠭᠦᠯᠬᠦ ᠵᠠᠭᠪᠤᠷ ᠢ ᠬᠡᠷᠡᠭᠯᠡᠵᠦ᠂ ᠪᠢᠯᠧᠲ ᠪᠣᠯᠭᠠᠨ ᠨᠢ ᠠᠵᠤ ᠠᠬᠤᠶᠢᠯᠠᠯ ᠤᠨ ᠮᠡᠳᠡᠭᠦᠯᠬᠦ ᠴᠠᠭ ᠢ 5 – 10 ᠮᠢᠨᠦ᠋ᠲ ᠪᠠᠭᠠᠰᠬᠠᠵᠤ᠂ ︽ᠲᠤᠬᠠᠢ ᠶᠢᠨ ᠡᠳᠦᠷ ᠲᠤ ᠬᠢᠨᠠᠵᠤ᠂ ᠲᠤᠬᠠᠢ ᠶᠢᠨ ᠡᠳᠦᠷ ᠲᠤ ᠶᠠᠪᠤᠭᠤᠯᠬᠤ︾ ᠶᠢ ᠴᠢᠷᠮᠠᠶᠢᠨ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ ᠤᠯᠠᠮ ᠨᠢᠭᠡ ᠠᠯᠬᠤᠮ ᠪᠠᠭᠠᠰᠬᠠᠨ᠂ ᠠᠩᠬᠠᠳᠠᠭᠴᠢ ︽ᠥᠪᠥᠷ ᠮᠣᠩᠭᠤᠯ ᠱᠠᠨᠰᠢ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠵᠠᠮ︾ ᠢᠶᠠᠷ ᠤᠷᠤᠭᠰᠢᠲᠠᠢ ᠨᠡᠪᠲᠡᠷᠡᠬᠦ ᠶᠢ ᠪᠠᠲᠤᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ