8 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ᠃ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠠᠴᠠ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠵᠠᠷᠯᠠᠨ ᠮᠡᠳᠡᠭᠳᠡᠵᠦ᠂ ᠬᠥᠬᠡᠬᠤᠲᠠ᠂ ᠲᠦᠩᠯᠢᠶᠣᠣ ᠬᠤᠲᠠ᠂ ᠪᠠᠶᠠᠨᠨᠠᠭᠤᠷ ᠬᠤᠲᠠ ᠬᠠᠷᠢᠭᠤ ᠮᠡᠳᠡᠭᠦᠯᠦᠯᠲᠡ ᠬᠢᠪᠡ᠃
ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠨᠢ ᠤᠯᠤᠰ ᠤᠨ ᠶᠡᠭᠡ ᠪᠣᠳᠣᠯᠭ᠎ᠠ ᠲᠠᠢ ᠬᠤᠯᠪᠣᠭᠳᠠᠵᠤ ᠪᠠᠶᠢᠳᠠᠭ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠥᠵᠢᠯ ᠢ ᠰᠠᠶᠢᠲᠤᠷ ᠡᠷᠬᠢᠯᠡᠬᠦ ᠠᠴᠠ ᠡᠭᠦᠰᠴᠦ᠂ ᠴᠢᠩᠭ᠎ᠠ ᠪᠣᠳᠠᠲᠠᠢ ᠰᠤᠷᠲᠠᠯ᠂ ᠨᠠᠷᠢᠨ ᠬᠢᠨᠠᠮᠠᠭᠠᠢ ᠣᠪᠣᠷ ᠢᠶᠠᠷ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠢᠭᠡ ᠳᠤ᠂ ᠪᠡᠯᠡ ᠣᠷᠤᠭᠤᠯᠤᠯᠲᠠ ᠪᠠᠨ ᠨᠡᠮᠡᠭᠳᠡᠭᠦᠯᠦᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠪᠡᠯᠡ ᠮᠥᠩᠭᠦ ᠶᠢᠨ ᠤᠷᠤᠰᠬᠠᠯ ᠢ ᠲᠠᠰᠤᠯᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠬᠢᠵᠠᠭᠠᠷ ᠲᠠᠢ ᠪᠡᠯᠡ ᠮᠥᠩᠭᠦ ᠶᠢ ᠴᠢᠬᠤᠯᠠᠲᠠᠢ ᠭᠠᠵᠠᠷ ᠲᠤᠨᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ︔ ᠬᠤᠶᠠᠷ ᠲᠤ᠂ ᠪᠠᠭᠰᠢ ᠶᠢᠨ ᠪᠠᠲᠤᠯᠠᠭ᠎ᠠ ᠶᠢ ᠴᠢᠩᠭᠠᠳᠬᠠᠵᠤ᠂ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠲᠤᠰᠠᠲᠠᠢ ᠠᠷᠭ᠎ᠠ ᠬᠡᠮᠵᠢᠶ᠎ᠡ ᠠᠪᠴᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠴᠢᠳᠠᠪᠤᠷᠢᠲᠠᠨ ᠢ ᠤᠷᠢᠵᠤ᠂ ᠴᠢᠳᠠᠪᠤᠷᠢᠲᠠᠨ ᠢ ᠦᠯᠡᠳᠡᠭᠡᠵᠦ᠂ ᠴᠢᠳᠠᠪᠤᠷᠢᠲᠠᠨ ᠢ ᠬᠡᠷᠡᠭᠯᠡᠵᠦ᠂ ︽ᠰᠠᠶᠢᠨ ᠪᠠᠭᠰᠢ ᠪᠠᠶᠢᠬᠤ ᠡᠰᠡᠬᠦ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠭᠤᠷᠪᠠ ᠳᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠥᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ︽ᠰᠠᠶᠢᠲᠤᠷ ᠵᠢᠭᠠᠵᠤ ᠪᠠᠶᠢᠬᠤ ᠡᠰᠡᠬᠦ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠳᠥᠷᠪᠡ ᠳᠤ᠂ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ ᠰᠣᠷᠣᠭᠴᠢᠳ ᠤᠨ ᠬᠢᠴᠢᠶᠡᠯ ᠰᠣᠩᠭᠤᠬᠤ ᠠᠩᠭᠢ ᠰᠢᠯᠵᠢᠬᠦ ᠪᠠ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠶᠢᠨ ᠠᠵᠢᠯ ᠢ ᠪᠣᠳᠠᠲᠠᠢ ᠰᠠᠶᠢᠲᠤᠷ ᠠᠳᠬᠤᠵᠤ᠂ ᠠᠪᠢᠶᠠᠰ ᠲᠤᠨᠢ ᠲᠣᠬᠢᠷᠠᠭᠤᠯᠤᠨ ᠵᠢᠭᠠᠬᠤ᠂ ᠬᠥᠮᠥᠨ ᠤ ᠴᠢᠳᠠᠪᠤᠷᠢ ᠶᠢ ᠪᠦᠷᠢᠨ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠲᠠᠪᠤ ᠳᠤ᠂ ᠰᠡᠳᠦᠪ ᠭᠠᠷᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠷᠣᠭᠤᠯᠤᠨ ᠠᠪᠴᠢᠷᠠᠬᠤ ᠪᠠ ᠪᠣᠶᠢᠵᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠴᠡᠷᠢᠭ ᠪᠣᠯᠪᠠᠰᠤᠷᠠᠭᠤᠯᠬᠤ ᠪᠠ ᠵᠢᠩᠬᠢᠨᠢ ᠪᠠᠶᠢᠯᠳᠤᠭᠠᠨ ᠬᠢᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠡᠳᠦᠪ ᠭᠠᠷᠭᠠᠬᠤ ᠪᠠᠭᠰᠢ ᠶᠢᠨ ᠲᠤᠰᠬᠠᠶᠢᠵᠢᠭᠰᠠᠨ ᠡᠩᠨᠡᠭᠡ ᠶᠢ ᠪᠦᠷᠢᠨ ᠭᠦᠢᠴᠡᠳ ᠴᠢᠩᠭ᠎ᠠ ᠲᠣᠬᠢᠷᠠᠭᠤᠯᠬᠤ ᠬᠡᠷᠡᠭᠲᠡᠢ ᠭᠡᠵᠦ ᠬᠡᠯᠡᠪᠡ᠃
ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠷᠢᠳᠴᠢᠯᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠠᠭᠰᠢ᠂ ᠰᠤᠷᠭᠠᠭᠤᠯᠢ ᠶᠢᠨ ᠭᠡᠷ ᠪᠠᠶᠢᠰᠢᠩ᠂ ᠵᠠᠷᠤᠳᠠᠯ ᠬᠦᠷᠦᠯᠴᠡᠬᠦ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠤ ᠰᠣᠨᠣᠰᠴᠤ ᠣᠶᠢᠯᠠᠭᠠᠬᠤ ᠦᠭᠡ ᠬᠡᠯᠡ᠂ ᠤᠩᠰᠢᠵᠤ ᠣᠶᠢᠯᠠᠭᠠᠬᠤ ᠦᠰᠦᠭ ᠪᠢᠴᠢᠭ᠂ ᠦᠵᠡᠵᠦ ᠣᠶᠢᠯᠠᠭᠠᠬᠤ ᠵᠢᠷᠤᠭ ᠳᠦᠷᠰᠦ ᠪᠠᠷ ᠤᠬᠠᠭᠤᠯᠤᠨ ᠲᠠᠶᠢᠯᠪᠤᠷᠢᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠪᠠᠶᠢᠭᠠᠳ ᠥᠭᠡᠷᠡᠴᠢᠯᠡᠯᠲᠡ ᠶᠢᠨ ᠡᠭᠦᠷᠭᠡ ᠶᠢ ︽ᠡᠴᠦᠰ ᠤᠨ ᠨᠢᠭᠡ ᠺᠢᠯᠣᠮᠧᠲᠷ︾᠂ ︽ᠬᠠᠮᠤᠭ ᠤᠨ ᠪᠠᠭ᠎ᠠ ᠨᠢᠭᠡᠴᠢ︾ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
ᠪᠣᠣ ᠰᠢᠶᠠᠨ ᠬᠤᠸᠠ ᠬᠤᠷᠠᠯ ᠢ ᠡᠷᠬᠢᠯᠡᠵᠦ᠂ ᠶᠠᠩ ᠵᠢᠶᠧ ᠣᠷᠣᠯᠴᠠᠵᠠᠢ᠃