ᠪᠥᠬᠦ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠫᠷᠤᠵᠧᠺᠲ ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ  ᠶᠣᠣ ᠶᠦᠩ ᠪᠥᠸᠧ ᠣᠷᠣᠯᠴᠠᠵᠠᠢ
ᠨᠡᠶᠢᠲᠡᠯᠡᠭᠰᠡᠨ ᠴᠠᠭ᠄
2023/9/6

      9 ᠳ᠋ᠦ᠋ᠭᠡᠷ ᠰᠠᠷ᠎ᠠ ᠶᠢᠨ 4 ᠤ ᠡᠳᠦᠷ ᠂ ᠪᠥᠬᠦ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠫᠷᠤᠵᠧᠺᠲ ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃

      ᠬᠤᠷᠠᠯ ᠠᠴᠠ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ ᠂ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ ᠃ ᠠᠵᠢᠯ ᠤᠨ ᠭᠤᠣᠯᠳᠠᠯᠭ᠎ᠠ ᠪᠠᠨ ᠳᠤᠪᠤᠶᠢᠯᠭᠠᠵᠤ ᠂ ᠲᠥᠯᠥᠪᠵᠢᠭᠦᠯᠦᠨ ᠪᠠᠶᠢᠷᠢᠰᠢᠭᠤᠯᠬᠤ ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠬᠦ ᠂ ᠫᠷᠤᠵᠧᠺᠲ ᠤᠨ ᠪᠦᠲᠦᠭᠡᠨ ᠪᠠᠶᠢᠭᠤᠯᠤᠯᠲᠠ ᠪᠣᠯᠣᠨ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠡᠯ᠎ᠡ ᠳᠦᠷᠦᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ  ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠂ ᠬᠤᠰᠢᠭᠤ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠬᠠᠮᠵᠢᠯᠴᠠᠨ ᠬᠦᠴᠦᠯᠡᠵᠦ ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃

      ᠬᠤᠷᠠᠯ ᠤᠨ ᠬᠤᠭᠤᠴᠠᠭᠠᠨ ᠳᠤ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠫᠷᠤᠵᠧᠺᠲ ᠢ ᠲᠤᠬᠠᠢ ᠶᠢᠨ ᠭᠠᠵᠠᠷ ᠲᠤ  ᠨᠢ ᠲᠣᠭᠤᠷᠢᠨ ᠦᠵᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ