ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠭᠦᠭᠡᠬᠤᠲᠠ ᠳᠤ ᠶᠠᠪᠤᠭᠳᠠᠪᠠ  ᠯᠧᠢ ᠰᠧ ᠸᠧᠢ  ᠴᠢ᠊ ᠪᠠᠲᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/9/8

      9 ᠰᠠᠷ᠎ᠠ ᠶᠢᠨ 6 ᠤ ᠡᠳᠦᠷ ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠤᠯᠬᠤ ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠭᠦᠭᠡᠬᠤᠲᠠ ᠳᠤ ᠬᠤᠷᠠᠯᠳᠤᠪᠠ ᠃

      ᠭᠠᠨᠰᠤ ᠮᠤᠵᠢ ᠶᠢᠨ ᠳᠡᠳ᠋ ᠳᠠᠷᠤᠭ᠎ᠠ ᠯᠧᠢ ᠰᠧ ᠸᠧᠢ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠪᠠᠶᠠᠷ ᠤᠨ ᠦᠭᠡ ᠬᠡᠯᠡᠵᠡᠢ ᠃

      ᠯᠧᠢ ᠰᠧ ᠸᠧᠢ ᠂ ᠣᠶᠢᠷ᠎ᠠ ᠶᠢᠨ ᠵᠢᠯ ᠳᠤ ᠬᠤᠶᠠᠷ ᠮᠤᠵᠢ ᠣᠷᠣᠨ ᠡᠯ᠎ᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠂ ᠥᠪᠥᠷ ᠮᠣᠩᠭᠤᠯ ᠤᠨ ᠠᠵᠤ ᠠᠬᠤᠶᠢᠯᠠᠯ ᠤᠨ ᠭᠠᠨᠰᠤ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ ᠬᠡᠯᠡᠪᠡ ᠃

      ᠴᠢ᠊ ᠪᠠᠲᠤ ᠂ ᠬᠤᠶᠠᠷ ᠮᠤᠵᠢ ᠣᠷᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠬᠤᠶᠠᠷ ᠭᠠᠵᠠᠷ ᠤᠨ ᠳᠠᠪᠠᠭᠤᠯᠢᠭ ᠢᠶᠠᠨ ᠳᠠᠪᠬᠤᠴᠠᠭᠤᠯᠤᠨ ᠶᠡᠬᠡᠰᠬᠡᠵᠦ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠲᠣᠭᠲᠠᠴᠠ ᠶᠢ ᠬᠦᠴᠦᠯᠡᠨ ᠪᠠᠶᠢᠭᠤᠯᠤᠶ᠎ᠠ ᠭᠡᠵᠦ ᠬᠡᠯᠡᠪᠡ ᠃

      ᠯᠧᠢ ᠰᠧ ᠸᠧᠢ ᠥᠪᠥᠷ ᠮᠣᠩᠭᠤᠯ ᠤᠨ ᠭᠠᠨᠰᠤ ᠶᠢᠨ ᠬᠤᠳᠠᠯᠳᠤᠭᠠᠴᠢᠳ ᠤᠨ ᠡᠪᠯᠡᠯ ᠳᠤ ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠤᠯᠪᠤᠭ᠎ᠠ ᠶᠢᠨ ᠲᠥᠪ ᠤᠨ ᠫᠠᠶᠢᠰᠠ ᠢᠯᠡᠷᠬᠡᠶᠢᠯᠡᠯ ᠢ ᠣᠯᠭᠤᠪᠠ ᠃ ᠭᠠᠨᠰᠤ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠲᠤᠬᠠᠢ ᠶᠢᠨ ᠲᠠᠯᠠᠪᠠᠶ ᠳᠤ 13 ᠲᠥᠷᠥᠯ ᠵᠦᠢᠯ ᠤᠨ ᠭᠡᠷ᠎ᠡ ᠲᠣᠭᠲᠠᠪᠠ ᠃ ᠬᠤᠶᠠᠷ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ