ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ  ᠲᠢᠶᠠᠨ ᠱᠢ ᠬᠤᠩ  ᠴᠢ᠊ ᠪᠠᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/9/8

      9 ᠰᠠᠷ᠎ᠠ ᠶᠢᠨ 6 ᠤ ᠡᠳᠦᠷ ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠦᠭᠡᠬᠤᠲᠠ ᠳᠤ ︽ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ︾ ᠲᠣᠬᠢᠷᠠᠯᠴᠠᠵᠤ ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ ᠲᠢᠶᠠᠨ ᠱᠢ ᠬᠤᠩ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠳᠡᠭᠡᠷ᠎ᠡ ᠭᠠᠷ ᠤᠨ ᠦᠰᠦᠭ ᠵᠢᠷᠤᠪᠠ ᠃

      ᠵᠥᠪᠯᠡᠯᠴᠡᠭᠡᠷ ᠢ ᠦᠨᠳᠦᠰᠦᠯᠡᠪᠡᠯ ᠂ ᠬᠤᠶᠠᠷ ᠲᠠᠯ᠎ᠠ ᠪᠠᠷ ᠢᠶᠠᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠢᠰᠲ᠋ᠧᠮ ᠤᠨ ᠪᠠᠶᠢᠭᠤᠯᠤᠯᠲᠠ ᠂ ᠪᠠᠷᠢᠮᠵᠢᠶᠠᠵᠢᠭᠤᠯᠤᠯᠲᠠ ᠶᠢ ᠲᠣᠭᠠᠴᠢᠯᠠᠯᠳᠠ ᠲᠡᠶᠢᠰᠢ ᠭᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ ᠃ ᠪᠠᠷᠢᠮᠵᠢᠶᠠᠵᠢᠭᠤᠯᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ ᠂ ᠥᠪᠥᠷ ᠮᠣᠩᠭᠤᠯ ᠤᠨ ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠳᠤ ᠬᠦᠴᠦᠨ ᠨᠡᠮᠡᠷᠢᠯᠡᠵᠦ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ