ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12

1 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

ᠬᠤᠷᠠᠯ ᠠᠴᠠ 2024 ᠣᠨ ᠤ ᠪᠥᠬᠦ ᠣᠷᠣᠨ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠰᠠᠨᠠᠯ ᠢ ᠰᠤᠳᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠣᠨᠴᠠᠭᠠᠶᠢᠯᠠᠨ ᠬᠤᠶᠠᠷ ᠶᠡᠭᠡ ᠶᠠᠪᠤᠳᠠᠯ ᠪᠣᠯᠣᠨ ︽ᠵᠢᠷᠭᠤᠭᠠᠨ ᠢᠨᠵᠧᠨᠧᠷᠢᠩ︾᠂ ᠥᠷᠢ ᠥᠭᠴᠡᠭᠡ ᠶᠢ ᠠᠷᠢᠯᠭᠠᠬᠤ ᠪᠠ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︔ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠭᠤᠣᠯᠳᠠᠯᠭ᠎ᠠ ᠲᠠᠢ ᠮᠤᠵᠢ ᠶᠢᠨ ᠲᠥᠷᠥᠯ ᠬᠤᠪᠢᠶᠠᠨ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠠᠷᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠬᠡᠷᠡᠭᠴᠡᠭᠡᠨ ᠤ ᠪᠤᠰᠤ ᠬᠠᠲᠠᠭᠤ ᠬᠡᠷᠡᠭᠴᠡᠭᠡᠨ ᠤ ᠪᠤᠰᠤ ᠵᠠᠷᠤᠯᠭ᠎ᠠ᠂ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠠᠵᠢᠯᠯᠠᠭᠤᠯᠵᠤ ᠪᠠᠲᠤᠯᠠᠬᠤ ᠲᠥᠷᠥᠯ ᠵᠦᠢᠯ ᠢ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠡᠵᠡᠮᠳᠡᠵᠦ᠂ ︽ᠠᠷᠪᠢᠯᠠᠵᠤ ᠠᠮᠢᠳᠤᠷᠠᠬᠤ︾ ᠶᠢ ᠬᠡᠪ ᠤᠨ ᠪᠠᠶᠢᠳᠠᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠮᠡᠳᠡᠭᠦᠯᠦᠯᠲᠡ᠂ 2023 ᠣᠨ ᠤ ᠡᠳ᠋ ᠤᠨ ᠵᠠᠰᠠᠭ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ ᠮᠡᠳᠡᠭᠦᠯᠦᠯᠲᠡ ᠶᠢ ᠰᠤᠳᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠲᠠᠢ ᠤᠶᠠᠯᠳᠤᠭᠤᠯᠤᠨ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠮᠡᠳᠡᠭᠦᠯᠦᠯᠲᠡ ᠳᠤ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ  ᠲᠦᠮᠡᠨ ᠤ ᠬᠦᠰᠡᠯ ᠱᠠᠭᠠᠷᠳᠠᠯᠭ᠎ᠠ ᠳᠤ ᠨᠡᠶᠢᠴᠡᠭᠦᠯᠵᠦ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠰᠤᠳᠤᠯᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠣᠪᠣᠶᠢᠯᠭᠠᠨ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ᠂ ᠠᠭᠤᠷᠬᠠᠢ ᠶᠢᠨ ᠠᠶᠤᠯᠭᠦᠢ ᠶᠢᠨ ᠲᠠᠯ᠎ᠠ ᠶᠢᠨ ᠵᠥᠪᠰᠢᠶᠡᠷᠡᠬᠦ ᠶᠢ ᠴᠢᠩᠳᠠᠯᠠᠵᠤ᠂ ᠠᠭᠤᠷᠬᠠᠢ ᠶᠢ ᠠᠦ᠋ᠲ᠋ᠣᠴᠢᠯᠠᠬᠤ᠂ ᠣᠶᠤᠨᠴᠢᠯᠠᠬᠤ ᠲᠡᠶᠢᠰᠢ ᠳᠡᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠲᠤᠬᠠᠢ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠨᠡ ᠵᠢᠯ ᠤᠨ ᠪᠣᠳᠠᠲᠠᠢ ᠡᠭᠦᠷᠭᠡ ᠶᠢᠨ ᠨᠠᠷᠢᠨ ᠳᠠᠩᠰᠠ ᠶᠢ ᠱᠠᠯᠠᠪᠳᠠᠨ ᠵᠢᠭᠰᠠᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ